ᠲᠤᠰᠬᠠᠶ ᠮᠡᠷᠭᠡᠵᠢᠯᠲᠡᠨ᠄ ᠰᠢᠨ᠎ᠡ ᠡᠵᠢ ᠪᠤᠯᠤᠬᠰᠠᠳ ᠤᠨ ︽ᠬᠥᠩᠭᠡᠵᠢᠭᠰᠡᠨ ᠤ ᠳᠠᠷᠠᠭᠠᠬᠢ ᠭᠠᠩᠰᠠᠷᠠᠯ︾ ᠢ ᠡᠷᠬᠡ ᠲᠠᠩᠬᠢ ᠠᠴᠠ ᠪᠤᠯᠤᠯ᠎ᠠ ᠬᠡᠵᠦ ᠦᠵᠡᠵᠦ ᠪᠣᠯᠬᠤ ᠦᠭᠡᠢ ᠬᠡᠵᠦ ᠰᠠᠨᠠᠭᠤᠯᠪᠠ
ᠨᠡᠶᠢᠲᠡᠯᠡᠭᠰᠡᠨ ᠴᠠᠭ᠄
2021/5/17
      ᠰᠢᠨᠬᠤᠸᠠ ᠬᠤᠷᠢᠶᠠᠨ ᠤ ᠬᠥᠬᠡᠬᠤᠲᠠ ᠶᠢᠨ 5 ᠰᠠᠷ᠎ᠠ ᠶᠢᠨ 9 ᠤ ᠡᠳᠦᠷ ᠤᠨ ᠮᠡᠳᠡᠭᠡ ︵ᠯᠢ ᠴᠢᠶᠠᠨ︶ ᠡᠵᠢ ᠪᠣᠯᠬᠤ ᠪᠣᠯ ᠵᠣᠯ ᠵᠢᠷᠭᠠᠯ ᠪᠠᠶᠠᠷ ᠬᠥᠷ ᠲᠠᠢ ᠶᠠᠪᠤᠳᠠᠯ ᠮᠥᠨ᠂ ᠭᠡᠪᠡᠴᠦ ᠮᠠᠰᠢ ᠣᠯᠠᠨ ᠰᠢᠨ᠎ᠡ ᠡᠵᠢ ᠪᠤᠯᠤᠬᠰᠠᠳ ᠨᠢ ᠳᠦᠷᠢ  ᠲᠦᠷᠬᠦ ᠵᠢᠨ‌ᠬᠤᠪᠢᠷᠠᠯᠲᠠ ᠠᠴᠠ ᠪᠣᠯᠵᠣ ᠣᠶᠤᠨ ᠰᠠᠨᠠᠭᠠᠨ ᠤ ᠲᠠᠯ᠎ᠠ ᠪᠠᠷ ᠶᠡᠬᠡᠳᠡ ᠭᠠᠴᠢᠭᠳᠠᠵᠤ ᠪᠠᠶᠢᠨ᠎ᠠ᠃ ᠥᠪᠥᠷ  ᠮᠣᠩᠭᠤᠯ ‍ᠤᠨ‌ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠡᠮᠨᠡᠯᠭᠡ ᠶᠢᠨ ᠬᠤᠷᠢᠶᠠᠨ ᠤ ᠵᠣᠪᠠᠨᠢᠯ ᠭᠠᠩᠰᠠᠷᠠᠯ ᠢ ᠡᠮᠨᠡᠨ  ᠵᠠᠰᠠᠬᠤ  ᠲᠥᠪ ‍ᠤᠨ‌ᠡᠷᠬᠢᠯᠡᠭᠴᠢ ᠵᠠᠩ ᠴᠦ᠋ᠧᠠᠨ ᠵᠢᠶᠠᠩ ᠲᠠᠨᠢᠯᠴᠠᠭᠤᠯᠬᠤ ᠳᠠᠭᠠᠨ᠄  ᠡᠮᠴᠢᠯᠡᠭᠡᠨ ᠳᠤ ᠢᠯᠡᠷᠡᠭᠦᠯᠦᠭᠰᠡᠨ ᠢᠶᠠᠷ᠂ ᠪᠠᠷᠤᠭ 50% ᠠᠴᠠ 85% ᠶᠢᠨ ᠡᠮᠡᠭᠳᠡᠶᠢᠴᠤᠳ ᠲᠤ ᠬᠥᠩᠭᠡᠵᠢᠭᠰᠡᠨ ᠤ ᠳᠠᠷᠠᠭᠠᠬᠢ ᠣᠶᠤᠨ ᠮᠡᠳᠡᠷᠡᠯ ᠨᠢ ᠮᠠᠭᠤᠳᠠᠬᠤ ᠪᠠᠶᠢᠳᠠᠯ  ᠢᠯᠡᠷᠡᠵᠦ ᠪᠤᠢ᠂ ᠡᠭᠦᠨ ᠤ ᠳᠣᠲᠣᠷ᠎ᠠ 10% ᠠᠴᠠ 15% ᠶᠢᠨ ᠡᠮᠡᠭᠳᠡᠶᠢᠴᠤᠳ ᠲᠤ ᠬᠥᠩᠭᠡᠵᠢᠭᠰᠡᠨ ᠤ ᠳᠠᠷᠠᠭᠠᠬᠢ ᠭᠠᠨᠭ᠍ᠰᠠᠷᠠᠬᠤ ᠭᠡᠮ ᠲᠤᠰᠴᠤ ᠪᠤᠢ ᠬᠡᠵᠦ ᠬᠡᠯᠡᠪᠡ᠃              ᠵᠠᠩ ᠴᠦ᠋ᠧᠠᠨ ᠵᠢᠶᠠᠩ ᠲᠠᠨᠢᠯᠴᠠᠭᠤᠯᠬᠤ ᠳᠠᠭᠠᠨ᠄ ᠬᠥᠩᠭᠡᠵᠢᠭᠰᠡᠨ ᠤ ᠳᠠᠷᠠᠭᠠᠬᠢ ᠭᠠᠩᠰᠠᠷᠠᠯ ᠭᠡᠳᠡᠭ ᠪᠣᠯ ᠶᠡᠷᠦ ᠳᠡᠭᠡᠨ ᠬᠥᠩᠭᠡᠵᠢᠭᠰᠡᠨ ᠤ ᠲᠠᠷᠠᠭ᠎ᠠ 6 ᠭᠠᠷᠠᠭ ᠤᠨ ᠳᠣᠲᠣᠷ᠎ᠠ ᠭᠠᠩᠰᠠᠷᠠᠬᠤ ᠡᠪᠡᠳᠴᠢᠨ ᠬᠥᠳᠡᠯᠬᠦ᠂ ᠢᠯᠠᠩᠭᠤᠶ᠎ᠠ ᠬᠥᠩᠭᠡᠵᠢᠭᠰᠡᠨ ᠤ ᠲᠠᠷᠠᠭ᠎ᠠ 2 ᠭᠠᠷᠠᠭ ᠤᠨ ᠳᠣᠲᠣᠷ᠎ᠠ ᠡᠭᠦᠰᠬᠦ ᠮᠡᠳᠡᠷᠡᠯ ᠤᠨ ᠡᠪᠡᠳᠴᠢᠨ ᠤ ᠢᠯᠡᠷᠡᠯ ᠰᠢᠨᠵᠢ ᠦᠭᠡᠢ ᠭᠠᠩᠰᠠᠷᠠᠯ ᠢ ᠵᠢᠭᠠᠵᠤ ᠪᠤᠢ᠂ ᠡᠮᠴᠢᠯᠡᠭᠡᠨ ᠤ ᠢᠯᠡᠷᠡᠯ ᠰᠢᠨᠵᠢ ᠨᠢ ᠭᠤᠣᠯᠳᠠᠭᠤ ᠤᠷᠮ᠎ᠠ ᠰᠡᠳᠬᠢᠯᠭᠡ ᠨᠢ ᠦᠷᠬᠦᠯᠵᠢᠯᠡᠨ ᠮᠠᠭᠤᠳᠠᠬᠤ ᠪᠠ ᠤᠷᠮ᠎ᠠ  ᠰᠡᠳᠬᠢᠯᠭᠡ ᠨᠢ‌‍ᠬᠦ᠋ᠨᠳᠦ ᠬᠡᠴᠡᠬᠦᠦ ᠮᠭᠤᠳᠠᠬᠤ ᠵᠢᠴᠢ ᠠᠯᠢ ᠣᠯᠠᠨ ᠢᠯᠡᠷᠡᠯ ᠰᠢᠨᠵᠢ ᠭᠠᠷᠳᠠᠭ ᠂ ᠵᠢᠱᠢᠶᠡᠯᠡᠪᠡᠯ ᠬᠥᠳᠡᠯᠭᠡᠭᠴᠢ ᠬᠦᠴᠦᠨ ᠨᠢ ᠪᠠᠭᠤᠷᠠᠬᠤ᠂ ᠭᠤᠲᠤᠷᠠᠬᠤ᠂ ᠤᠬᠢᠯᠠᠬᠤ᠂ ᠪᠠᠴᠢᠮᠳᠠᠬᠤ᠂ ᠨᠦᠢᠷ ᠠᠯᠳᠠᠬᠤ ᠵᠡᠷᠭᠡ ᠪᠤᠯᠤᠨ᠎ᠠ᠂ ᠴᠢᠨᠠᠭᠰᠢᠯᠠᠪᠠᠯ ᠪᠡᠶ᠎ᠡ ᠪᠠᠨ ᠬᠤᠣᠷᠯᠠᠬᠤ ᠬᠠᠨᠳᠤᠰᠢ ᠲᠠᠢ ᠪᠠᠶᠢᠳᠠᠭ᠃ ᠡᠭᠦᠨ ᠳᠤ ᠬᠡᠰᠡᠭ ᠬᠥᠩᠭᠡᠵᠢᠭᠰᠡᠨ ᠡᠮᠡᠭᠳᠡᠢ ᠶᠢᠨ ᠭᠠᠩᠰᠠᠷᠠᠯ ᠨᠢ 3 ᠰᠠᠷ᠎ᠠ ᠠᠴᠠ 6 ᠰᠠᠷ᠎ᠠ ᠶᠢᠨ ᠳᠣᠲᠣᠷ᠎ᠠ ᠥᠪᠡᠷᠲᠡᠭᠡᠨ ᠡᠳᠡᠭᠡᠷᠡᠳᠡᠭ᠂ ᠭᠡᠪᠡᠴᠦ ᠪᠠᠰᠠ 15% - 30% ᠶᠢᠨ ᠬᠥᠩᠭᠡᠵᠢᠭᠰᠡᠨ ᠡᠮᠡᠭᠳᠡᠢ ᠶᠢᠨ ᠭᠠᠩᠰᠠᠷᠠᠯ ᠨᠢ 1ᠵᠢᠯ ᠠᠴᠠ 2 ᠵᠢᠯ ᠴᠢᠨᠠᠭᠰᠢᠯᠠᠪᠠᠯ ᠨᠡᠩ ᠤᠷᠲᠤ ᠬᠤᠭᠤᠴᠠᠭ᠎ᠠ ᠦᠷᠬᠦᠯᠵᠢᠯᠡᠳᠡᠭ ᠬᠡᠵᠦ ᠬᠡᠯᠡᠪᠡ᠃              ᠵᠠᠩ ᠴᠦ᠋ᠧᠠᠨ ᠵᠢᠶᠠᠩ ᠬᠡᠯᠡᠬᠦ ᠳᠡᠭᠡᠨ᠄ ᠬᠥᠩᠭᠡᠵᠢᠭᠰᠡᠨ ᠤ ᠳᠠᠷᠠᠭᠠᠬᠢ ᠭᠠᠩᠰᠠᠷᠠᠯ ᠪᠣᠯ ᠡᠷᠬᠡ ᠲᠠᠩᠬᠢ ᠠᠴᠠ ᠪᠤᠯᠤᠬᠰᠠᠨ ᠪᠢᠰᠢ᠂ ᠬᠠᠷᠢᠨ ᠨᠢᠭᠡ ᠵᠦᠢᠯ ᠤᠨ ᠣᠶᠤᠨ ᠰᠠᠨᠠᠭᠠᠨ ᠤ ᠰᠡᠳᠬᠢᠴᠡ ᠶᠢᠨ ᠡᠪᠡᠳᠴᠢᠨ ᠶᠤᠮ᠂ ᠬᠥᠩᠭᠡᠵᠢᠬᠦ ᠡᠮᠡᠭᠳᠡᠶᠢᠴᠤᠳ ᠪᠣᠯᠤᠨ ᠬᠡᠷ ᠤᠨ ᠬᠥᠮᠦᠰ ᠨᠢ ᠵᠢᠷᠮᠦᠰᠦᠨ ᠬᠤᠭᠤᠴᠠᠭ᠎ᠠ ᠵᠢᠴᠢ ᠬᠥᠩᠭᠡᠵᠢᠭᠰᠡᠨ ᠤ ᠳᠠᠷᠠᠭᠠᠬᠢ ᠰᠡᠳᠬᠢᠴᠡ ᠶᠢᠨ ᠠᠰᠠᠭᠤᠳᠠᠯ ᠳᠤ ᠵᠥᠪ ᠢᠶᠠᠷ ᠬᠠᠨᠳᠤᠵᠤ᠂ ᠵᠥᠪ ᠣᠨᠣᠪᠴᠢᠲᠠᠶ ᠠᠷᠭᠠᠴᠠᠬᠤ ᠠᠷᠭ᠎ᠠ ᠶᠢ ᠰᠣᠩᠭᠤᠬᠤ  ᠬᠡᠷᠡᠭᠲᠡᠶ᠃ ᠡᠷ᠎ᠡ ᠡᠮ᠎ᠡ ᠨᠦᠬᠦᠷ ᠬᠡᠷᠭᠡᠢ ᠶᠢᠨ ᠬᠤᠭᠤᠷᠣᠨᠳᠣ ᠪᠠᠨ᠂ ᠬᠠᠳᠠᠮ ᠡᠬᠡ ᠪᠡᠷᠢ ᠶᠢᠨ ᠬᠤᠭᠤᠷᠣᠨᠳᠣ ᠪᠠᠨ᠂ ᠬᠥᠩᠭᠡᠵᠢᠬᠦ  ‍ᠮᠡᠭᠳᠡᠢ ᠪᠣᠯᠤᠨ ᠡᠴᠢᠭᠡ ᠡᠬᠡ ᠵᠢᠨ‌ᠬᠤᠭᠤᠷᠣᠨᠳᠣ ᠪᠠᠨ ᠢᠯᠡᠭᠦᠬᠡᠨ ᠰᠡᠳᠬᠢᠯ ᠰᠠᠨᠠᠭ᠎ᠠ ᠪᠠᠨ ᠰᠣᠯᠢᠯᠴᠠᠵᠤ ᠣᠶᠢᠯᠠᠭᠠᠯᠴᠠᠬᠤ ᠬᠡᠷᠡᠭᠲᠡᠶ᠂ ᠮᠡᠳᠡᠷᠡᠯ ᠤᠨ ᠰᠠᠯᠠᠭ᠎ᠠ᠂ ᠰᠡᠳᠬᠢᠴᠡ ᠶᠢᠨ ᠰᠠᠯᠠᠭ᠎ᠠ ᠳᠤ ᠣᠴᠢᠵᠤ ᠡᠮᠨᠡᠭᠦᠯᠬᠦ ᠠᠴᠠ ᠪᠠᠨ ᠢᠴᠢᠵᠦ ᠪᠣᠯᠬᠤ ᠥᠬᠡᠶ ᠬᠡᠪᠡ᠃              ︽ᠣᠯᠠᠩᠬᠢ ᠦᠶ᠎ᠡ ᠳᠤ ᠬᠦᠡᠭᠭᠡᠵᠢᠬᠦ ᠡᠮᠡᠭᠳᠡᠢ ᠶᠢᠨ ᠡᠪᠡᠳᠴᠢᠨ ᠤ ᠪᠠᠶᠢᠳᠠᠯ ᠨᠢ ᠨᠢᠭᠡᠨᠲᠡ ᠮᠠᠰᠢ ᠬᠦᠨᠳᠦ ᠪᠣᠯᠤᠬᠰᠠᠨ ᠪᠤᠯᠪᠠᠴᠤ ᠲᠠᠳᠠ ᠥᠪᠡᠷ ᠢᠶᠠᠨ ᠰᠡᠷᠡᠵᠦ ᠮᠡᠳᠡᠬᠦ ᠥᠬᠡᠶ ᠪᠠᠶᠢᠳᠠᠭ᠂ ᠡᠨᠡ ᠦᠶ᠎ᠡ ᠳᠤ ᠡᠷ᠎ᠡ ᠨᠥᠬᠦᠷ ᠪᠣᠯᠤᠨ ᠬᠡᠷ ᠤᠨ ᠬᠢᠨᠢ ᠬᠥᠮᠦᠰ ᠤᠨ ᠬᠠᠯᠠᠮᠵᠢᠯᠠᠯ ᠪᠠ ᠣᠶᠢᠯᠠᠭᠠᠯᠲᠠ ᠱᠠᠭᠠᠷᠳᠠᠬᠳᠠᠳᠠᠭ︾ ᠬᠡᠵᠦ ᠵᠠᠩ ᠴᠦ᠋ᠧᠠᠨ ᠵᠢᠶᠠᠩ ᠲᠠᠨᠢᠯᠴᠠᠭᠤᠯᠤᠨ ᠬᠡᠯᠡᠭᠰᠡᠨ ᠢᠶᠠᠨ ᠵᠠᠯᠭᠠᠭᠠᠳ᠄ ᠬᠥᠩᠭᠡᠵᠢᠭᠰᠡᠨ ᠤ ᠳᠠᠷᠠᠭ᠎ᠠ ᠭᠠᠩᠰᠠᠷᠠᠬᠤ ᠬᠡᠮ ᠣᠯᠤᠭᠰᠠᠨ ᠡᠪᠡᠳᠴᠢᠲᠡᠨ ᠤ ᠨᠢᠭᠡ ᠰᠢᠯᠲᠠᠭᠠᠨ ᠨᠢ ᠬᠥᠩᠭᠡᠵᠢᠭᠰᠡᠨ ᠤ ᠳᠠᠷᠠᠭ᠎ᠠ ᠡᠮ᠎ᠡ ᠬᠤᠷᠮᠣᠨ ᠤ ᠲᠦᠪᠰᠢᠨ ᠪᠠᠭᠤᠷᠠᠭᠰᠠᠨ ᠠᠴᠠ ᠪᠣᠯᠬᠰᠠᠨ ᠶᠤᠮ᠂  ᠨᠥᠭᠦᠭᠡ ᠨᠢᠭᠡ ᠰᠢᠯᠳᠠᠭᠠᠨ ᠨᠢ ᠳᠦᠷᠢ ᠲᠦᠷᠬᠦ ᠶᠢᠨ  ᠬᠤᠪᠢᠷᠠᠯᠲᠠ ᠳᠤ ᠲᠦᠷ ᠵᠣᠬᠢᠴᠠᠬᠤ ᠥᠬᠡᠶ᠂ ᠬᠡᠷ ᠪᠦᠯᠢ ᠨᠢ ᠡᠶ᠎ᠡ ᠨᠠᠶᠢᠷ ᠥᠬᠡᠶ ᠪᠤᠶᠤ  ᠬᠥᠮᠦᠨ ᠤ ᠬᠤᠭᠤᠷᠤᠨᠳᠤᠬᠢ ᠬᠠᠷᠢᠴᠠᠭᠠᠨ ᠤ ᠳᠠᠷᠤᠯᠲᠠ ᠵᠡᠷᠭᠡ ᠰᠢᠯᠲᠠᠭᠠᠨ ᠠᠴᠠ  ᠪᠣᠯᠤᠬᠰᠠᠨ ᠶᠤᠮ᠃ ᠡᠭᠦᠨ ᠳᠤ ᠰᠠᠨᠠᠮᠰᠠᠷ ᠦᠭᠡᠢ ᠵᠢᠷᠮᠦᠰᠦᠯᠡᠭᠰᠡᠨ ᠡᠮᠡᠭᠲᠡᠢ᠂ ᠬᠡᠷᠰᠡᠦ ᠰᠠᠭᠤᠭ᠎ᠠ ᠦᠭᠡᠢ ᠡᠮᠡᠭᠲᠡᠢ᠂ ᠵᠠᠩ ᠠᠭᠠᠰᠢ ᠲᠦᠷᠭᠡᠨ ᠡᠮᠡᠭᠲᠡᠢ᠂ ᠡᠷ᠎ᠡ ᠡᠮ᠎ᠡ ᠶᠢᠨ ᠬᠠᠷᠢᠴᠠᠭ᠎ᠠ ᠮᠠᠭᠤ ᠡᠮᠡᠭᠲᠡᠢ ᠵᠢᠴᠢ  ᠤᠳᠤᠮᠰᠢᠯ ᠤᠨ ᠠᠶᠤᠯ ᠲᠦᠭᠰᠢᠭᠦᠷᠢ ᠵᠢᠴᠢ ᠰᠡᠳᠬᠢᠴᠡ ᠶᠢᠨ ᠡᠪᠡᠳᠴᠢᠨ ᠲᠠᠢ ᠡᠮᠡᠭᠲᠡᠢ ᠨᠢ‌‍ᠭ᠊ ‍ᠥ᠋ᠩᠭᠡᠵᠢᠭᠰᠡᠨ ᠤ ᠳᠠᠷᠠᠭᠠᠬᠢ ᠭᠠᠩᠰᠠᠷᠠᠯ ᠳᠤ ᠠᠮᠠᠷᠬᠠᠨ ᠨᠡᠷᠪᠡᠭᠳᠡᠳᠡᠭ ᠬᠡᠵᠡᠢ᠃              ᠵᠠᠩ ᠴᠦ᠋ᠧᠠᠨ ᠵᠢᠶᠠᠩ᠄ ᠬᠦᠡᠭᠭᠡᠵᠢᠬᠦ ᠡᠮᠡᠭᠲᠡᠶ ᠳᠤ ᠤᠷᠮ᠎ᠠ ᠰᠡᠳᠬᠢᠯᠭᠡ ᠶᠢᠨ ᠠᠰᠠᠭᠤᠳᠠᠯ ᠭᠠᠷᠪᠠᠯ ᠴᠠᠭ ᠲᠤᠬᠠᠶ ᠳᠤᠨᠢ ᠭᠠᠷ  ᠳᠦᠷᠦᠵᠦ᠂ ᠬᠥᠩᠭᠡᠵᠢᠭᠰᠡᠨ ᠤ ᠳᠠᠷᠠᠭᠠᠬᠢ ᠭᠠᠩᠰᠠᠷᠠᠬᠤ ᠭᠡᠮ ᠪᠣᠯᠵᠣ ᠬᠥᠭᠵᠢᠬᠦ ᠶᠢ ᠰᠡᠷᠭᠡᠶᠢᠯᠡᠬᠦ ᠬᠡᠷᠡᠭᠲᠡᠶ᠃ ᠬᠥᠩᠭᠡᠵᠢᠭᠰᠡᠨ ᠤ ᠳᠠᠷᠠᠭᠠᠬᠢ ᠭᠠᠩᠰᠠᠷᠠᠬᠤ ᠭᠡᠮ ᠨᠢ ᠬᠦᠡᠭᠭᠡᠵᠢᠭᠰᠡᠳ ᠤᠨ ᠪᠡᠶ᠎ᠡ ᠰᠡᠳᠬᠢᠯ ᠳᠤ ᠯᠤᠲᠤ  ᠶᠡᠭᠡ ᠬᠤᠣᠷ ᠬᠥᠨᠥᠭᠡᠯ ᠤᠴᠠᠷᠠᠭᠤᠯᠬᠤ ᠪᠠᠷ ᠪᠠᠷᠠᠬᠤ ᠦᠭᠡᠢ᠂ ᠪᠠᠰᠠ ᠨᠢᠷᠠᠢ ᠬᠡᠦᠬᠡᠳ ᠤᠨ ᠥᠰᠥᠯᠲᠡ ᠪᠤᠶᠢᠵᠢᠯᠲᠠ ᠳᠤ ᠠᠰᠢᠭ ᠦᠭᠡᠢ ᠪᠠᠶᠢᠳᠠᠭ ᠬᠡᠵᠦ ᠬᠡᠯᠡᠪᠡ᠃ ᠲᠡᠷᠡ᠄ ᠡᠮᠡᠭᠲᠡᠶ ᠬᠥᠮᠦᠨ ᠵᠢᠷᠮᠦᠰᠦᠯᠡᠬᠦ ᠠᠴᠠ ᠪᠠᠨ ᠡᠮᠦᠨ᠎ᠡ ᠲᠥᠯᠥᠪᠵᠢᠭᠦᠯᠭᠡ ᠪᠠᠨ ᠰᠠᠶᠢᠲᠤᠷ ᠬᠢᠵᠦ᠂ ᠵᠢᠷᠮᠦᠰᠦᠯᠡᠬᠦ ᠪᠠ ᠬᠥᠩᠭᠡᠵᠢᠬᠦ ᠬᠠᠮᠢᠶ᠎ᠠ ᠪᠥᠬᠦᠶ ᠮᠡᠳᠡᠯᠭᠡ ᠶᠢ ᠤᠷᠢᠳᠴᠢᠯᠠᠨ ᠣᠶᠢᠯᠠᠭᠠᠵᠤ᠂ ᠬᠡᠷ ᠪᠦᠯᠢ ᠶᠢᠨ ᠬᠢᠨ ᠦᠨᠡᠨ ᠰᠡᠳᠬᠢᠯ ᠠᠴᠠ ᠪᠠᠨ‌ᠬᠠᠨᠢ ᠪᠣᠯᠵᠣ᠂ ᠬᠡᠷ ᠪᠦᠯᠢ ᠶᠢᠨ ᠬᠠᠷᠢᠴᠠᠭ᠎ᠠ ᠪᠠᠨ ᠰᠠᠶᠢᠲᠤᠷ ᠲᠣᠬᠢᠷᠠᠭᠤᠯᠵᠤ᠂ ᠲᠥᠷᠥᠯ ᠰᠠᠳᠤᠨ ᠤ ᠪᠠᠨ ᠳᠡᠮᠵᠢᠯᠭᠡ ᠶᠢ ᠰᠠᠶᠢᠲᠤᠷ‌ᠤᠯᠵᠤ᠂ ᠭᠤᠮᠣᠳᠠᠯ ᠲᠣᠭᠠᠴᠢᠬᠤ ᠥᠬᠡᠶ᠂ ᠬᠡᠲᠦᠷᠬᠡᠶ ᠶᠡᠭᠡ ᠪᠠᠷ ᠤᠬᠠᠭᠤᠯᠤᠨ ᠰᠤᠷᠭᠠᠬᠤ ᠦᠭᠡᠢ ᠪᠠᠶᠢᠬᠤ ᠬᠡᠷᠡᠭᠳᠡᠢ᠃ ᠵᠢᠷᠮᠦᠰᠦᠨ ᠡᠮᠡᠭᠲᠡᠶ ᠨᠢ ᠵᠢᠷᠮᠦᠰᠦᠨ ᠬᠤᠭᠤᠴᠠᠭᠠᠨ ᠳᠠᠭᠠᠨ ᠥᠪᠡᠷ ᠤᠨ ᠪᠡᠶ᠎ᠡ ᠶᠢᠨ ᠳᠠᠷᠤᠯᠲᠠ ᠪᠠᠨ ᠪᠠᠭᠠᠰᠬᠠᠵᠤ᠂ ᠠᠮᠢᠳᠤᠷᠠᠯ  ᠠᠴᠠ ᠬᠦᠰᠡᠵᠦ ᠮᠦᠷᠦᠭᠡᠳᠦᠬᠦ ᠵᠦᠢᠯ ᠢᠶᠠᠨ ᠪᠠᠭᠠᠰᠬᠠᠨ᠂ ᠪᠠᠶᠠᠷ ᠬᠥᠷ ᠲᠠᠢ ᠪᠠᠶᠢᠬᠤ ᠬᠡᠷᠡᠭᠲᠡᠶ ᠬᠡᠵᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1