4 ᠳ᠋ᠤᠭᠡᠷ ᠰᠠᠷ᠎ᠠ ᠶᠢᠨ 28 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ | ᠳᠠᠷᠤᠭ᠎ᠠ ᠯᠢᠦ ᠵᠢᠶ ᠶᠢᠩ ᠾᠧ ᠺᠸᠤ ᠬᠠᠮᠢᠶᠠᠷᠤᠯᠲᠠ ᠶᠢᠨ ᠵᠥᠪᠯᠡᠯ ᠳᠤ ᠭᠦᠨᠵᠡᠭᠡᠶᠢᠷᠡᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠲᠤᠰᠬᠠᠶ ᠰᠡᠳᠦᠪᠲᠦ | ᠤᠬᠠᠭᠤᠯᠤᠨ ᠲᠠᠶᠢᠯᠪᠤᠷᠢᠯᠠᠯᠲᠠ ᠥᠷᠨᠢᠭᠦᠯᠪᠡ᠃ ᠵᠠᠰᠠᠭ ᠤᠨ ᠣᠷᠳᠣᠨ ᠤ ᠠᠯᠪᠠᠨ ᠭᠡᠷ ᠤᠨ ᠬᠠᠷᠢᠭᠤᠴᠠᠯᠭᠠᠲᠠᠨ᠂ | ᠾᠧ ᠺᠸᠤ ᠬᠠᠮᠢᠶᠠᠷᠤᠯᠲᠠ ᠶᠢᠨ ᠵᠥᠪᠯᠡᠯ ᠤᠨ ᠪᠠᠭ ᠤᠨ ᠪᠦᠷᠢᠯᠳᠦᠬᠦᠨ᠂ ᠴᠥᠭᠡᠨ ᠲᠣᠭᠠᠲᠤ ᠦᠨᠳᠦᠰᠦᠲᠡᠨ | ᠴᠤᠭᠯᠠᠷᠠᠭᠰᠠᠨ ᠲᠣᠰᠬᠤᠨ ᠤ ᠬᠤᠶᠠᠷ ᠵᠥᠪᠯᠡᠯ ᠤᠨ ᠬᠠᠷᠢᠭᠤᠴᠠᠯᠭᠠᠲᠠᠨ ᠣᠷᠣᠯᠴᠠᠪᠠ᠃ | ᠯᠢᠦ ᠵᠢᠢ ᠶᠢᠩ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ | ᠥᠭᠦᠯᠡᠯᠲᠡ ᠶᠢᠨ ᠵᠣᠷᠢᠭ ᠰᠠᠨᠠᠭ᠎ᠠ ᠪᠣᠯᠤᠨ ᠲᠡᠷᠢᠭᠦᠯᠡᠭᠴᠢ ᠸᠠᠩ ᠶᠠᠩ ᠤᠨ ᠥᠪᠥᠷ ᠮᠣᠩᠭᠤᠯ ᠳᠤ ᠪᠠᠶᠢᠴᠠᠭᠠᠨ | ᠰᠤᠳᠤᠯᠤᠯᠲᠠ ᠬᠢᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠠᠵᠢᠯ ᠤᠨ ᠪᠣᠳᠠᠲᠠᠢ ᠳᠠᠭᠠᠨ | ᠰᠠᠭᠤᠷᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠬᠤ ᠲᠣᠭᠤᠷᠢᠨ ᠳᠤ ᠤᠬᠠᠭᠤᠯᠤᠨ ᠲᠠᠶᠢᠯᠪᠤᠷᠢᠯᠠᠬᠤ ᠳᠤ ᠣᠷᠣᠯᠴᠠᠭᠰᠠᠨ ᠺᠠᠳ᠋ᠷ ᠤᠯᠠᠨ ᠲᠦᠮᠡᠨ ᠲᠠᠢ ᠰᠠᠨᠠᠯ ᠢᠶᠠᠨ | ᠭᠦᠨᠵᠡᠭᠡᠢ ᠰᠣᠯᠢᠯᠴᠠᠪᠠ᠃ | ᠯᠢᠦ ᠵᠢᠢ ᠶᠢᠩ᠂ ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠥᠪᠥᠷ | ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠬᠢᠲᠠᠳ ᠦᠨᠳᠦᠰᠦᠲᠡᠨ ᠴᠥᠭᠡᠨ | ᠲᠣᠭᠠᠲᠤ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠬᠢᠲᠠᠳ | ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠨᠦᠭᠦᠳ ᠴᠦ ᠬᠠᠷᠢᠯᠴᠠᠨ | ᠰᠠᠯᠵᠤ ᠴᠢᠳᠠᠬᠤ ᠦᠭᠡᠢ ᠭᠡᠳᠡᠭ ᠢ ᠪᠠᠲᠤ ᠴᠡᠭᠡᠵᠢᠯᠡᠵᠦ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠲᠠᠯ᠎ᠠ ᠪᠠᠷ | ᠠᠵᠢᠯ ᠢᠶᠠᠨ ᠨᠠᠷᠢᠯᠢᠭ ᠪᠣᠳᠠᠲᠠᠢ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ | ᠢᠮᠠᠭᠲᠠ ︽ᠬᠤᠶᠠᠷ ᠢ ᠬᠠᠮᠠᠭᠠᠯᠠᠬᠤ︾ ᠤᠯᠤᠰ ᠲᠦᠷᠦ ᠶᠢᠨ ᠦᠨᠳᠦᠷᠴᠡ ᠳᠤ ᠵᠣᠭᠰᠣᠵᠤ᠂ ᠶᠡᠷᠦᠩᠬᠡᠢ ᠱᠦᠵᠢ | ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠳᠤᠯᠤᠨ ᠨᠠᠷᠢᠨ | ᠣᠶᠢᠯᠠᠭᠠᠵᠤ᠂ ᠶᠡᠷᠦᠩᠬᠡᠢ ᠱᠦᠵᠢ ᠶᠢᠨ ᠴᠢᠬᠤᠯᠠ ᠨᠠᠶᠢᠳᠠᠯᠭ᠎ᠠ ᠶᠢ ᠦᠨᠡᠨ ᠬᠦ ᠰᠡᠳᠬᠢᠯ ᠳᠡᠭᠡᠨ ᠬᠠᠳᠠᠩᠰᠢᠭᠤᠯᠵᠤ᠂ | ᠦᠢᠯᠡ ᠠᠵᠢᠯᠯᠠᠭ᠎ᠠ ᠳᠠᠭᠠᠨ ᠰᠢᠩᠭᠡᠭᠡᠵᠦ᠂ ᠦᠨᠳᠦᠰᠦᠨ ᠱᠠᠲᠤᠨ ᠤ ᠠᠵᠢᠯ ᠤᠨ ᠦᠢᠯᠡᠳᠦᠯᠭᠡ ᠳᠤ ᠦᠨᠳᠦᠰᠦᠯᠡᠵᠦ᠂ | ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠦᠨᠡᠨ ᠰᠡᠳᠬᠢᠯ ᠠᠴᠠ ᠪᠠᠨ ᠬᠦᠴᠦ ᠣᠷᠣᠭᠤᠯᠤᠨ ᠰᠠᠶᠢᠲᠤᠷ | ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃ | | ᠯᠢᠦ ᠵᠢᠢ ᠶᠢᠩ᠂ ︽ᠤᠯᠠᠨ ᠪᠠ ᠨᠢᠭᠡ︾᠂ ︽ᠠᠳᠠᠯᠢ ᠪᠠ ᠣᠨᠳᠣᠣ︾᠂ ︽ᠬᠤᠪᠢᠷᠠᠰᠢ ᠦᠭᠡᠢ ᠪᠠ | ᠬᠤᠪᠢᠷᠠᠭᠤᠯᠬᠤ︾ ᠶᠢᠨ ᠬᠠᠷᠢᠴᠠᠭ᠎ᠠ ᠶᠢ ᠭᠦᠨᠵᠡᠭᠡᠢ ᠲᠠᠨᠢᠵᠤ᠂ ᠵᠥᠪ ᠣᠨᠣᠪᠴᠢᠲᠠᠢ ᠤᠯᠤᠰ ᠤᠨ ᠦᠵᠡᠯᠲᠡ᠂ | ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ ᠶᠢ ᠪᠠᠲᠤ ᠪᠤᠢ ᠪᠣᠯᠭᠠᠵᠤ᠂ ᠦᠨᠳᠦᠰᠦᠲᠡᠨ ᠤ ᠣᠷᠣᠨ ᠤ | ᠥᠪᠡᠷᠲᠡᠭᠡᠨ ᠵᠠᠰᠠᠬᠤ ᠪᠠᠶᠢᠭᠤᠯᠤᠯ ᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠤᠨ ᠨᠠᠮ ᠤᠨ ᠭᠡᠰᠢᠭᠦᠨ ᠤ | ᠬᠤᠰᠢᠭᠤᠴᠢ ᠵᠢᠱᠢᠶᠡᠴᠢ ᠶᠢᠨ ᠦᠢᠯᠡᠳᠦᠯ ᠢ ᠦᠨᠡᠨᠬᠦ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠤᠯᠠᠨ | ᠲᠦᠮᠡᠨ ᠤ ᠳᠡᠷᠭᠡᠳᠡᠬᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡ ᠬᠦ | ᠭᠤᠣᠯ ᠰᠢᠵᠢᠮ ᠢ ᠪᠠᠲᠤ ᠡᠵᠡᠮᠳᠡᠵᠦ᠂ ᠶᠠᠭ ᠥᠷᠨᠢᠭᠦᠯᠵᠦ ᠪᠠᠶᠢᠭ᠎ᠠ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠲᠠᠢ ᠤᠶᠠᠯᠳᠤᠭᠤᠯᠤᠨ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ᠂ ᠦᠵᠡᠯ | ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠢ ᠪᠠᠶᠢᠭᠤᠯᠬᠤ ᠵᠡᠷᠭᠡ ᠡᠯ᠎ᠡ ᠵᠦᠢᠯ ᠤᠨ ᠠᠵᠢᠯ ᠢ ᠨᠠᠷᠢᠨ | ᠬᠢᠨᠠᠮᠠᠭᠠᠢ ᠰᠠᠶᠢᠲᠤᠷ ᠠᠳᠬᠤᠵᠤ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ ᠰᠠᠶᠢᠨ ᠰᠠᠶᠢᠬᠠᠨ | ᠪᠠᠶᠢᠳᠠᠯ ᠢ ᠦᠷᠭᠦᠯᠵᠢᠯᠡᠨ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃ |