ᠨᠢᠭᠡ᠂ ᠰᠢᠨ᠎ᠡ ᠶᠢᠩᠽᠢ ᠪᠠᠯᠭᠠᠰᠤ ᠶᠢᠨ ᠮᠠ ᠱᠢ ᠶᠣᠣ ᠲᠣᠰᠬᠤᠨ ᠤ ᠠᠯᠠᠰᠢᠨ ᠬᠤᠨᠢ ᠲᠡᠵᠢᠭᠡᠨ | ᠦᠷᠡᠵᠢᠭᠦᠯᠬᠦ ᠲᠥᠷᠥᠯ ᠵᠦᠢᠯ | ᠮᠠ ᠱᠢ ᠶᠣᠣ ᠲᠣᠰᠬᠤᠨ ᠤ ᠠᠯᠠᠰᠢᠨ ᠬᠤᠨᠢ ᠲᠡᠵᠢᠭᠡᠨ ᠦᠷᠡᠵᠢᠭᠦᠯᠬᠦ ᠲᠦᠷᠦᠯ ᠵᠦᠢᠯ ᠤᠨ ᠶᠡᠷᠦᠩᠬᠡᠢ ᠪᠡᠯᠡ | ᠣᠷᠣᠭᠤᠯᠤᠯᠲᠠ ᠵᠢᠱᠢᠯᠲᠡ ᠪᠠᠷ 200 ᠲᠦᠮᠡᠨ ᠲᠥᠭᠦᠷᠢᠭ ᠲᠤ ᠬᠦᠷᠴᠦ᠂ ᠠᠯᠠᠰᠢᠨ ᠬᠤᠨᠢ ᠦᠷᠡᠵᠢᠭᠦᠯᠬᠦ᠂ | ᠲᠡᠵᠢᠭᠡᠨ ᠦᠷᠡᠵᠢᠭᠦᠯᠬᠦ᠂ ᠬᠤᠳᠠᠯᠳᠤᠬᠤ ᠪᠠᠷ ᠳᠠᠮᠵᠢᠨ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ | ᠨᠡᠮᠡᠭᠳᠡᠭᠦᠯᠬᠦ ᠪᠠᠷ ᠲᠥᠯᠥᠪᠯᠡᠵᠦ᠂ ᠲᠦᠷᠦᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠵᠢᠯ ᠪᠦᠷᠢ 10 ᠲᠦᠮᠡᠨ | ᠲᠥᠭᠦᠷᠢᠭ ᠤᠨ ᠠᠰᠢᠭ ᠣᠷᠣᠯᠭ᠎ᠠ ᠲᠠᠢ ᠪᠣᠯᠬᠤ ᠪᠠᠷ ᠵᠢᠱᠢᠵᠦ ᠪᠤᠢ᠃ 2020 ᠣᠨ ᠤ 8 ᠳ᠋ᠤᠭᠠᠷ ᠰᠠᠷ᠎ᠠ ᠳᠤ᠂ | ᠲᠣᠰᠬᠤᠨ ᠳᠤ ᠨᠢᠭᠡᠨᠲᠡ 560 ᠲᠡᠭᠰᠢ ᠳᠥᠷᠪᠡᠯᠵᠢᠨ ᠮᠧᠲᠷ ᠬᠤᠨᠢᠨ ᠤ ᠬᠠᠰᠢᠶ᠎ᠠ ᠰᠠᠷᠠᠪᠴᠢ ᠰᠢᠨ᠎ᠡ ᠪᠠᠷ | ᠪᠠᠶᠢᠭᠤᠯᠵᠤ᠂ 200 — 400 ᠰᠠᠭᠤᠷᠢ ᠡᠮ᠎ᠡ ᠬᠤᠨᠢ ᠬᠤᠳᠠᠯᠳᠤᠨ ᠠᠪᠬᠤ ᠪᠠᠷ ᠪᠡᠯᠡᠳᠬᠡᠵᠦ᠂ ᠬᠤᠷᠠᠭ᠎ᠠ | ᠢᠰᠢᠭᠡ ᠶᠢ 5 ᠰᠠᠷ᠎ᠠ ᠲᠡᠵᠢᠭᠡᠨ ᠦᠷᠡᠵᠢᠭᠦᠯᠦᠭᠰᠡᠨ ᠤ ᠳᠠᠷᠠᠭ᠎ᠠ ᠳᠠᠷᠤᠢ ᠬᠤᠳᠠᠯᠳᠤᠵᠤ ᠪᠣᠯᠤᠨ᠎ᠠ᠂ ᠠᠯᠠᠰᠢᠨ ᠬᠤᠨᠢ | ᠨᠢᠭᠡᠪᠦᠷᠢ ᠶᠢᠨ ᠬᠤᠳᠠᠯᠳᠤᠬᠤ ᠦᠨ᠎ᠡ ᠨᠢ 1200 ᠲᠥᠭᠦᠷᠢᠭ ᠣᠷᠴᠢᠮ ᠪᠠᠶᠢᠵᠤ᠂ ᠳᠤᠮᠳᠠᠴᠢ ᠪᠠᠷ ᠬᠤᠨᠢ | ᠨᠢᠭᠡᠪᠦᠷᠢ ᠠᠴᠠ 100 — 200 ᠲᠥᠭᠦᠷᠢᠭ ᠤᠨ ᠠᠰᠢᠭ ᠣᠯᠵᠤ ᠪᠣᠯᠤᠨ᠎ᠠ᠃ | ᠬᠤᠶᠠᠷ᠂ ᠰᠢᠨ᠎ᠡ ᠶᠢᠩᠽᠢ ᠪᠠᠯᠭᠠᠰᠤ ᠶᠢᠨ ᠨᠠᠶᠢᠳᠠᠨ ᠲᠣᠰᠬᠤᠨ ᠤ ᠠᠯᠠᠰᠢᠨ ᠬᠤᠨᠢ ᠲᠡᠵᠢᠭᠡᠨ ᠦᠷᠡᠵᠢᠭᠦᠯᠬᠦ | ᠲᠥᠷᠥᠯ ᠵᠦᠢᠯ | ᠨᠠᠶᠢᠳᠠᠨ ᠲᠣᠰᠬᠤᠨ ᠤ ᠬᠢᠨ ᠤᠨᠴᠠᠯᠢᠬᠳᠤ ᠬᠤᠨᠢᠨ ᠤ ᠲᠠᠯᠠᠪᠠᠢ ᠶᠢᠨ ᠲᠡᠵᠢᠭᠡᠨ ᠦᠷᠡᠵᠢᠭᠦᠯᠬᠦ ᠲᠦᠷᠦᠯ | ᠵᠦᠢᠯ ᠢ ᠬᠥᠭᠵᠢᠭᠦᠯᠬᠦ ᠪᠠᠷ ᠲᠥᠯᠥᠪᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ ᠵᠢᠱᠢᠯᠲᠡ ᠪᠠᠷ 150 ᠲᠦᠮᠡᠨ | ᠲᠥᠭᠦᠷᠢᠭ ᠪᠣᠯᠤᠨ᠎ᠠ᠃ 420 ᠬᠤᠨᠢ ᠬᠤᠳᠠᠯᠳᠤᠨ ᠠᠪᠴᠤ ᠲᠡᠵᠢᠭᠡᠨ ᠦᠷᠡᠵᠢᠭᠦᠯᠵᠦ ᠬᠤᠳᠠᠯᠳᠤᠬᠤ ᠪᠠᠷ | ᠲᠥᠯᠥᠪᠯᠡᠵᠦ᠂ ᠵᠢᠯ ᠤᠨ ᠵᠢᠱᠢᠭᠰᠡᠨ ᠣᠷᠣᠯᠭ᠎ᠠ ᠨᠢ 30 ᠲᠦᠮᠡᠨ ᠲᠥᠭᠦᠷᠢᠭ ᠪᠠᠶᠢᠵᠤ᠂ ᠲᠣᠰᠬᠤᠨ ᠤ ᠬᠠᠮᠲᠤ ᠶᠢᠨ | ᠴᠡᠪᠡᠷ ᠣᠷᠣᠯᠭ᠎ᠠ ᠶᠢ 8 ᠲᠦᠮᠡᠨ ᠲᠥᠭᠦᠷᠢᠭ ᠣᠷᠴᠢᠮ ᠨᠡᠮᠡᠭᠳᠡᠭᠦᠯᠵᠦ ᠪᠣᠯᠤᠨ᠎ᠠ᠃ ᠪᠠᠶᠢᠭᠤᠯᠤᠭᠰᠠᠨ ᠬᠤᠨᠢᠨ ᠤ | ᠰᠠᠷᠠᠪᠴᠢ ᠶᠢ ᠣᠷᠳᠣ ᠬᠤᠭᠤᠴᠠᠭ᠎ᠠ ᠪᠠᠷ ᠬᠡᠷᠡᠭᠯᠡᠵᠦ ᠪᠣᠯᠬᠤ ᠪᠥᠭᠡᠳ ᠲᠣᠭᠲᠠᠮᠠᠯ ᠬᠥᠷᠥᠩᠭᠡ ᠶᠢᠨ ᠥᠷᠲᠡᠭ ᠨᠢ | 150 ᠲᠦᠮᠡᠨ ᠲᠥᠭᠦᠷᠢᠭ ᠪᠣᠯᠤᠨ᠎ᠠ᠃ | ᠢᠯᠡᠴᠢᠯᠡᠨ ᠮᠡᠳᠡᠭᠦᠯᠬᠦ ᠤᠲᠠᠰᠤ᠄ 0471 — 8522826 | | ᠰᠢᠨ᠎ᠡ ᠶᠢᠩᠽᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | 2021 ᠣᠨ ᠤ 6 ᠳ᠋ᠤᠭᠠᠷ ᠰᠠᠷ᠎ᠠ ᠶᠢᠨ 12 ᠤ ᠡᠳᠦᠷ | |