ᠭᠦ᠋ ᠴᠧᠩ ᠪᠠᠯᠭᠠᠰᠤᠨ ᠳᠤ ︽ᠨᠠᠮ  ᠢᠶᠠᠨ ᠬᠦᠷᠢᠶᠡᠯᠡᠵᠦ᠂ ᠨᠠᠮ ᠤᠨ ᠠᠴᠢ ᠶᠢ ᠮᠡᠳᠡᠷᠡᠵᠦ᠂ ᠨᠠᠮ ᠢᠶᠠᠨ ᠲᠠᠭᠠᠶ᠎ᠠ︾ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠲᠠᠯᠠᠪᠠᠶ ᠶᠢᠨ ᠪᠥᠵᠢᠭ ᠤᠨ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2021/6/16
      ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠵᠦ᠂ ᠭᠦ᠋ ᠴᠧᠩ ᠪᠠᠯᠭᠠᠰᠤᠨ ᠤ ᠺᠠᠳ᠋ᠷ ᠣᠯᠠᠨ ᠲᠦᠮᠡᠨ ᠤ ᠰᠢᠨ᠎ᠡ ᠴᠠᠭ ᠦᠶ᠎ᠡ ᠶᠢᠨ ᠠᠬᠤᠶ ᠪᠠᠶᠢᠳᠠᠯ ᠳᠣᠤᠷᠠᠬᠢ ᠠᠮᠤᠷ ᠲᠣᠭᠲᠠᠭᠤᠨ ᠵᠣᠯ ᠵᠢᠷᠭᠠᠯ ᠲᠠᠢ᠂ ᠢᠳᠡᠪᠬᠢᠲᠡᠶ ᠪᠠᠷ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠬᠦ ᠶᠢᠨ ᠲᠥᠯᠥᠭᠡ᠂ 6 ᠳ᠋ᠤᠭᠠᠷ ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠭᠦ᠋ ᠴᠧᠩ ᠪᠠᠯᠭᠠᠰᠤ ︽ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠶᠢ ᠮᠡᠳᠡᠷᠡᠵᠦ᠂ ᠨᠠᠮ ᠢᠶᠠᠨ ᠲᠠᠭᠠᠶ᠎ᠠ︾ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠲᠠᠯᠠᠪᠠᠶ ᠶᠢᠨ ᠪᠥᠵᠢᠭ ᠤᠨ ᠤᠷᠤᠯᠳᠤᠭᠠᠨ ᠢ ᠡᠷᠭᠢᠯᠡᠪᠡ᠃ ᠠᠵᠢᠯᠯᠠᠭ᠎ᠠ ᠶᠢᠨ ᠳᠤᠮᠳᠠ᠂ ᠭᠦ᠋ ᠴᠧᠩ ᠪᠠᠯᠭᠠᠰᠤ ᠠᠴᠠ ᠢᠷᠡᠭᠰᠡᠨ 21 ᠲᠠᠯᠠᠪᠠᠶ ᠶᠢᠨ ᠪᠥᠵᠢᠭ ᠤᠨ ᠡᠩᠨᠡᠭᠡ ᠲᠠᠶᠢᠰᠠᠨ ᠳᠤ ᠭᠠᠷᠴᠤ᠂ ᠲᠤᠬᠠᠶ ᠶᠢᠨ ᠲᠠᠯᠠᠪᠠᠶ ᠶᠢᠨ ᠣᠯᠠᠨ ᠲᠦᠮᠡᠨ ᠳᠤ ᠭᠤᠶᠢᠳᠠ ᠰᠠᠶᠢᠬᠠᠨ ᠰᠣᠶᠣᠯ ᠤᠨ ᠦᠪᠡᠳᠡᠭᠰᠢ ᠨᠠᠶᠢᠷ ᠢ ᠡᠷᠭᠦᠨ ᠪᠠᠷᠢᠵᠠᠶ᠃      ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠣᠯᠤᠨ᠎ᠠ᠂ ᠤᠷᠤᠯᠳᠤᠭᠠᠨ ᠳᠤ ᠣᠷᠣᠯᠴᠠᠭᠰᠠᠨ ᠡᠯ᠎ᠡ ᠡᠩᠨᠡᠭᠡ ᠶᠢᠨ ᠬᠢᠨ ᠨᠠᠷᠢᠨ ᠨᠢᠮᠪᠠᠢ ᠪᠡᠯᠡᠳᠬᠡᠵᠦ᠂ ᠨᠠᠶᠢᠷᠠᠭᠤᠯᠤᠨ ᠵᠢᠭᠰᠠᠭᠠᠬᠤ ᠪᠠᠷ ᠳᠠᠮᠵᠢᠭᠤᠯᠵᠤ᠂ ᠪᠥᠵᠢᠭ ᠤᠨ ᠬᠡᠯᠪᠡᠷᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠳᠤ ᠬᠠᠮᠤᠭ ᠤᠨ ᠦᠨᠡᠨᠴᠢ ᠬᠠᠮᠤᠭ ᠤᠨ ᠰᠠᠶᠢᠨ ᠰᠠᠶᠢᠬᠠᠨ ᠬᠦᠰᠡᠯ ᠵᠥᠩᠨᠡᠯ ᠢᠶᠠᠨ ᠳᠡᠪᠰᠢᠭᠦᠯᠵᠡᠢ᠃ ︽ᠠᠭᠤᠯᠠ ᠤᠰᠤᠨ ᠤ ᠦᠵᠡᠰᠬᠦᠯᠡᠩᠲᠦ ᠰᠠᠶᠢᠬᠠᠨ︾ ᠭᠡᠬᠦ ᠳᠠᠭᠤᠤ ᠨᠢ ᠤᠷᠤᠯᠳᠤᠭᠠᠨ ᠤ ᠬᠥᠰᠢᠭᠡ ᠶᠢ ᠰᠡᠬᠦᠵᠦ᠂ ᠤᠷᠤᠯᠳᠤᠭᠠᠨ ᠳᠤ ᠣᠷᠣᠯᠴᠠᠭᠰᠠᠨ ᠪᠦᠬᠦ ᠡᠩᠨᠡᠭᠡ ᠬᠠᠮᠲᠤᠪᠠᠷ ᠲᠣᠭᠯᠠᠵᠤ᠂ ᠳᠡᠳᠡᠨ ᠤ ᠴᠤᠭ ᠵᠢᠪᠬᠤᠭ᠎ᠠ ᠪᠠᠳᠠᠷᠠᠩᠭᠤᠢ ᠂ ᠡᠩᠨᠡᠭᠡ ᠨᠢ ᠲᠡᠷᠢ ᠲᠡᠭᠰᠢ᠂ ᠪᠥᠵᠢᠭ ᠤᠨ ᠠᠯᠬᠤᠭ᠎ᠠ ᠨᠢ ᠭᠤᠶᠢᠳᠠ ᠰᠠᠶᠢᠬᠠᠨ᠂ ᠤᠯᠠᠭᠠᠨ ᠳᠡᠪᠢᠭᠦᠷ ᠰᠠᠯᠬᠢᠨ ᠤ ᠠᠶ᠎ᠠ ᠪᠠᠷ ᠪᠥᠵᠢᠭᠯᠡᠵᠦ᠂ ᠨᠠᠮ ᠳᠠᠭᠠᠨ ᠬᠠᠶᠢᠷ᠎ᠠ ᠰᠡᠳᠬᠢᠯᠭᠡ ᠪᠠ ᠦᠨᠡᠨᠴᠢ ᠰᠢᠳᠤᠷᠭᠤ ᠪᠠᠶᠢᠬᠤ ᠵᠢᠴᠢ ᠨᠠᠮ ᠢᠶᠠᠨ ᠡᠭᠦᠷᠢᠳᠡ ᠳᠠᠭᠠᠬᠤ ᠢᠲᠡᠭᠡᠯ ᠵᠣᠷᠢᠭ ᠢᠶᠠᠨ ᠭᠦᠢᠴᠡᠳ ᠢᠯᠡᠳᠬᠡᠵᠡᠢ᠃ ᠤᠷᠤᠯᠳᠤᠭᠠᠨ ᠤ ᠶᠠᠪᠤᠴᠠ ᠳᠤ᠂ ᠤᠷᠤᠯᠳᠤᠭᠠᠨ ᠳᠤ ᠣᠷᠣᠯᠴᠠᠭᠰᠠᠨ ᠡᠯ᠎ᠡ ᠡᠩᠨᠡᠭᠡ ᠲᠡᠮᠡᠴᠡᠯ ᠤᠨ ᠵᠣᠷᠢᠭ ᠢᠶᠠᠨ ᠬᠥᠪᠴᠢᠯᠡᠵᠦ᠂ ᠤᠰᠤᠨ ᠴᠡᠷᠢᠭ ᠤᠨ ᠪᠥᠵᠢᠭ᠂ ᠮᠣᠩᠭᠤᠯ ᠪᠥᠵᠢᠭ᠂ ᠳᠡᠪᠢᠭᠦᠷ ᠪᠥᠵᠢᠭ᠂ ᠶᠠᠩᠭᠠᠷ ᠪᠥᠵᠢᠭ ᠵᠡᠷᠭᠡ ᠤᠳᠠᠭ᠎ᠠ ᠳᠠᠷᠠᠭᠠᠯᠠᠨ ᠲᠠᠯᠠᠪᠠᠢ ᠳᠤ ᠭᠠᠷᠴᠤ᠂ ᠤᠷᠢᠳ ᠬᠤᠵᠢᠳ ︽ᠡᠬᠡ ᠤᠯᠤᠰ ᠰᠠᠶᠢᠨ ᠪᠠᠶᠢᠨ᠎ᠠ ᠤᠤ︾᠂ ︽ᠮᠢᠨᠦ ᠤᠯᠤᠰ︾᠂ ︽ᠨᠤᠲᠤᠭ ᠤᠨ ᠳᠠᠭᠤᠤ ᠪᠠᠨ ᠲᠠᠬᠢᠨ ᠳᠠᠭᠤᠯᠠᠵᠤ ᠨᠠᠮ ᠳᠠᠭᠠᠨ ᠰᠣᠨᠣᠰᠬᠠᠶ᠎ᠠ︾᠂ ︽ᠡᠪ ᠬᠠᠮᠲᠤ ᠨᠠᠮ ᠪᠠᠶᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠶᠢᠵᠤ ᠴᠢᠳᠠᠬᠤ ᠦᠭᠡᠢ︾᠂ ︽ᠥᠯᠵᠡᠶᠢᠲᠦ ᠳᠤᠮᠳᠠᠳᠤ ᠶᠢᠨ ᠵᠢᠯ︾ ᠵᠡᠷᠭᠡ ᠠᠶᠢᠵᠠᠮ ᠬᠥᠭ ᠲᠠᠢ᠂ ᠤᠯᠠᠨ ᠶᠠᠩᠵᠤ ᠶᠢᠨ ᠬᠡᠯᠪᠡᠷᠢ ᠲᠠᠢ ᠲᠠᠯᠠᠪᠠᠢ ᠶᠢᠨ ᠪᠥᠵᠢᠭ ᠤᠨ ᠲᠣᠭᠯᠠᠯᠲᠠ ᠶᠢ ᠲᠣᠭᠯᠠᠵᠤ᠂ ᠰᠢᠯᠭᠠᠷᠠᠭᠤᠯᠬᠤ ᠺᠣᠮᠢᠰ ᠤᠨ ᠭᠡᠰᠢᠭᠦᠨ ᠪᠣᠯᠤᠨ ᠦᠵᠡᠭᠴᠢᠳ ᠤᠨ ᠰᠠᠶᠢᠨ ᠦᠨᠡᠯᠡᠯᠲᠡ ᠶᠢ ᠣᠯᠵᠠᠢ᠃      ︽ᠪᠠᠯᠭᠠᠰᠤ ᠠᠴᠠ ᠪᠢᠳᠡᠨ ᠳᠤ ᠡᠶᠢᠮᠦ ᠰᠠᠶᠢᠨ ᠲᠠᠪᠴᠠᠩ ᠪᠠᠶᠢᠭᠤᠯᠵᠤ ᠥᠭᠭᠦᠭᠰᠡᠨ ᠳᠤ ᠮᠠᠰᠢ ᠲᠠᠯᠠᠷᠬᠠᠵᠤ ᠪᠠᠶᠢᠨ᠎ᠠ᠂ ᠪᠢᠳᠡᠨ ᠤ ᠨᠠᠮ ᠳᠠᠭᠠᠨ ᠬᠠᠨᠳᠤᠭᠤᠯᠤᠭᠰᠠᠨ ᠬᠠᠶᠢᠷ᠎ᠠ ᠰᠡᠳᠬᠢᠯᠭᠡ᠂ ᠡᠬᠡ ᠤᠯᠤᠰ ᠢᠶᠠᠨ ᠮᠠᠭᠲᠠᠨ ᠰᠠᠶᠢᠰᠢᠶᠠᠬᠤ ᠪᠠ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠭᠦᠢᠴᠡᠳ ᠢᠯᠡᠷᠡᠭᠦᠯᠦᠭᠰᠡᠨ ᠳᠤ ᠪᠢ ᠲᠦᠢᠯ ᠤᠨ ᠠᠵᠠ ᠵᠠᠪᠰᠢᠶᠠᠨ ᠲᠠᠢ ᠰᠠᠨᠠᠭᠳᠠᠵᠤ ᠪᠠᠶᠢᠨ᠎ᠠ︕︾ ᠭᠡᠵᠦ ᠭᠦ᠋ ᠴᠧᠩ ᠪᠠᠯᠭᠠᠰᠤᠨ ᠤ ᠳ᠋ᠦᠩ ᠸᠠᠨ ᠲᠣᠰᠬᠤᠨ ᠤ ᠮᠠ ᠠᠢ ᡁᠢ ᠬᠡᠯᠡᠪᠡ᠃      ᠲᠤᠰ ᠤᠳᠠᠭᠠᠨ ᠤ ᠲᠠᠯᠠᠪᠠᠶ ᠶᠢᠨ ᠪᠥᠵᠢᠭ ᠤᠨ ᠤᠷᠤᠯᠳᠤᠭᠠᠨ ᠨᠢ ᠭᠦ᠋ ᠴᠧᠩ ᠪᠠᠯᠭᠠᠰᠤᠨ ᠤ ᠥᠷᠭᠡᠨ ᠣᠯᠠᠨ ᠲᠦᠮᠡᠨ ᠤ ᠪᠠᠶᠠᠯᠢᠭ ᠰᠠᠶᠢᠬᠠᠨ ᠰᠣᠶᠣᠯ ᠤᠨ ᠠᠮᠢᠳᠤᠷᠠᠯ ᠪᠠ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠳᠡᠯᠭᠡᠨ ᠦᠵᠡᠭᠦᠯᠬᠦ ᠲᠤᠭ ᠲᠡᠮᠳᠡᠭ ᠪᠣᠯᠵᠤ᠂ ᠣᠯᠠᠨ ᠲᠦᠮᠡᠨ ᠤ ᠣᠶᠤᠨ ᠰᠠᠨᠠᠭᠠᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠳᠤ ᠰᠠᠶᠢᠨ ᠰᠠᠶᠢᠬᠠᠨ ᠣᠯᠠᠨ ᠲᠦᠮᠡᠨ ᠤ ᠰᠣᠶᠣᠯ ᠤᠨ ᠰᠠᠭᠤᠷᠢ ᠶᠢ ᠲᠠᠯᠪᠢᠵᠤ᠂ ᠪᠦᠬᠦ ᠪᠠᠯᠭᠠᠰᠤᠨ ᠳᠤ ︽ᠨᠠᠮ ᠤᠨ ᠦᠪᠡᠳᠡᠭᠰᠢ ᠶᠣᠰᠣᠯᠠᠯ ᠠᠷᠠᠳ ᠲᠦᠮᠡᠨ ᠤ ᠪᠠᠶᠠᠷ ᠤᠨ ᠡᠳᠦᠷ︾ ᠤᠨ ᠭᠦᠨ ᠵᠤᠵᠠᠭᠠᠨ ᠠᠭᠤᠷ ᠠᠮᠢᠰᠬᠤᠯ ᠢ ᠪᠤᠶ ᠪᠣᠯᠭᠠᠭᠰᠠᠨ ᠪᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1