ᠯᠢ ᠺᠧ ᠴᠢᠶᠠᠩ ᠭᠢᠷᠢᠨ ᠳᠤ ᠰᠢᠨᠵᠢᠯᠡᠨ ᠪᠠᠶᠢᠴᠠᠭᠠᠬᠤ ᠳᠤ ᠪᠠᠨ᠄ ᠥᠭᠡᠷᠡᠴᠢᠯᠡᠯᠲᠡ ᠨᠡᠬᠡᠬᠡᠯᠳᠡ ᠶᠢ ᠶᠡᠬᠡᠪᠡᠷ ᠠᠬᠢᠭᠤᠯᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠵᠤ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠰᠢᠨ᠎ᠡ ᠰᠢᠪᠲᠤᠯᠤᠯᠲᠠ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠡᠢ
ᠨᠡᠶᠢᠲᠡᠯᠡᠭᠰᠡᠨ ᠴᠠᠭ᠄
2021/6/18
      ᠯᠢ ᠺᠧ ᠴᠢᠶᠠᠩ ᠬᠢᠷᠢᠨ ᠳᠤ ᠰᠢᠨᠵᠢᠯᠡᠨ ᠪᠠᠶᠢᠴᠠᠭᠠᠬᠤ ᠳᠤ ᠪᠠᠨ ᠴᠢᠬᠤᠯᠠᠴᠢᠯᠠᠭᠰᠠᠨ ᠨᠢ      ᠥᠭᠡᠷᠡᠴᠢᠯᠡᠯᠲᠡ ᠨᠡᠭᠡᠭᠡᠯᠲᠡ ᠶᠢ ᠶᠡᠬᠡᠪᠡᠷ ᠠᠬᠢᠭᠤᠯᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠵᠤ      ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠰᠢᠨ᠎ᠡ ᠰᠢᠪᠲᠤᠯᠤᠯᠲᠠ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠡᠢ      ᠳᠤᠮᠳᠠᠳᠤ ᠤᠯᠣᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠣᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 6 ᠳ᠋ᠤᠭᠠᠷ ᠰᠠᠷ᠎ᠠ ᠶᠢᠨ 15 ᠠᠴᠠ 16 ᠤ ᠡᠳᠦᠷ ᠪᠣᠯᠲᠠᠯ᠎ᠠ ᠭᠢᠷᠢᠨ ᠮᠤᠵᠢ ᠶᠢᠨ ᠨᠠᠮ ᠤᠨ ᠬᠤᠷᠢᠶᠠᠨ ᠤ ᠱᠦᠵᠢ ᠵᠢᠩ ᠵᠢᠶᠦ᠋ᠨ ᠬᠠᠶ᠂ ᠮᠤᠵᠢ ᠶᠢᠨ ᠳᠠᠷᠤᠭ᠎ᠠ ᠬᠠᠨ ᠵᠢᠶᠦ᠋ᠨ ᠤ ᠪᠠᠷ᠎ᠠ ᠪᠣᠯᠣᠯᠭ᠎ᠠ ᠪᠠᠷ ᠰᠥᠩᠶᠤᠸᠠᠨ᠂ ᠴᠠᠩᠴᠦ᠋ᠨ ᠳᠤ ᠰᠢᠨᠵᠢᠯᠡᠨ ᠪᠠᠶᠢᠴᠠᠭᠠᠪᠠ᠃ ᠲᠡᠷᠡ ᠴᠢᠬᠤᠯᠠᠴᠢᠯᠠᠬᠤ ᠳᠤ ᠪᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠩ ᠶᠡᠭᠡ ᠡᠷᠴᠢᠮ ᠢᠶᠠᠷ ᠥᠭᠡᠷᠡᠴᠢᠯᠡᠯᠲᠡ ᠨᠡᠭᠡᠭᠡᠯᠳᠡ ᠶᠢ ᠠᠬᠢᠭᠤᠯᠵᠤ᠂ ᠨᠡᠩ ᠤᠯᠠᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠷᠠᠭᠤᠯᠬᠤ ᠬᠡᠷᠡᠭᠲᠡᠢ ᠭᠡᠪᠡ᠃
     ᠯᠢ ᠺᠧ ᠴᠢᠶᠠᠩ ᠠᠮᠤ ᠪᠤᠳᠠᠭᠠᠨ ᠤ ᠦᠢᠯᠡᠳᠪᠦᠷᠢᠯᠡᠯ ᠢ ᠮᠠᠰᠢ ᠠᠩᠬᠠᠷᠴᠤ ᠪᠠᠶᠢᠨ᠎ᠠ᠃ ᠰᠦᠩᠶᠤᠸᠠᠨ ᠬᠤᠳᠠ ᠳᠤ᠂ ᠲᠡᠷᠡ ᠲᠠᠷᠢᠶᠠᠨ ᠭᠠᠵᠠᠷ ᠲᠤ ᠬᠦᠷᠴᠦ ᠡᠷᠳᠡᠨᠢ ᠰᠢᠰᠢ ᠶᠢᠨ ᠤᠷᠭᠤᠯᠳᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠲᠠᠷᠢᠶᠠᠴᠢᠳ᠂ ᠲᠠᠷᠢᠶᠠᠯᠠᠩ ᠤᠨ ᠮᠡᠷᠭᠡᠵᠢᠯᠲᠡᠳ ᠲᠠᠢ ᠰᠠᠨᠠᠯ ᠢᠶᠠᠨ ᠰᠣᠯᠢᠯᠴᠠᠪᠠ᠃ ᠣᠯᠠᠨ ᠢᠶᠠᠷ ᠢᠶᠠᠨ ᠶᠡᠷᠦᠩᠬᠡᠶ ᠰᠠᠶᠢᠳ ᠲᠤ᠂ ᠡᠨᠡ ᠵᠢᠯ ᠤᠨ ᠴᠢᠭᠢᠭ ᠤᠨ ᠪᠠᠶᠢᠳᠠᠯ ᠪᠠ ᠠᠭᠤᠷ ᠠᠮᠢᠰᠬᠤᠯ ᠰᠠᠶᠢᠨ ᠪᠠᠶᠢᠵᠤ᠂ ᠠᠮᠤ ᠪᠤᠳᠠᠭ᠎ᠠ ᠡᠯᠪᠡᠭ ᠬᠤᠷᠢᠶᠠᠯᠲᠠ ᠤᠯᠬᠤ ᠪᠣᠯᠤᠮᠵᠢ ᠲᠠᠢ᠃ ᠭᠡᠪᠡᠴᠦ ᠰᠢᠭᠡᠰᠦᠯᠢᠭ ᠡᠳ᠋᠂ ᠴᠠᠶᠢᠶ᠋ᠢᠦ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠶᠡᠭᠡ ᠪᠠᠷ ᠥᠰᠴᠦ᠂ ᠣᠶᠢᠷ᠎ᠠ ᠶᠢᠨ ᠬᠤᠭᠤᠴᠠᠭᠠᠨ ᠳᠤ ᠡᠷᠳᠡᠨᠢ ᠰᠢᠰᠢ ᠶᠢᠨ ᠦᠨ᠎ᠡ ᠪᠠᠭᠤᠷᠠᠵᠤ ᠪᠠᠶᠢᠭ᠎ᠠ ᠳᠤ ᠰᠡᠳᠬᠢᠯ ᠠᠮᠤᠷ ᠥᠬᠡᠶ ᠪᠠᠶᠢᠨ᠎ᠠ ᠭᠡᠵᠦ ᠬᠡᠯᠡᠪᠡ᠃ ᠯᠢ ᠺᠧ ᠴᠢᠶᠠᠩ᠂ ᠣᠳᠣᠬᠠᠨ ᠪᠣᠯ ᠠᠮᠤ ᠪᠤᠳᠠᠭᠠᠨ ᠤ ᠦᠢᠯᠡᠳᠪᠦᠷᠢᠯᠡᠯ ᠤᠨ ᠵᠠᠩᠭᠢᠯᠠᠭ᠎ᠠ ᠶᠢᠨ ᠬᠤᠭᠤᠴᠠᠭ᠎ᠠ ᠮᠥᠨ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠶᠢ ᠲᠣᠭᠲᠠᠪᠤᠷᠢᠵᠢᠭᠤᠯᠬᠤ ᠬᠡᠷᠡᠭᠲᠡᠶ ᠭᠡᠵᠦ ᠬᠠᠮᠲᠤ ᠶᠠᠪᠤᠭ᠎ᠠ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠲᠤ ᠵᠠᠬᠢᠪᠠ᠃ ᠲᠡᠷᠡ᠂ ᠳᠤᠮᠳᠠᠳᠤ ᠤᠯᠤᠰ ᠤᠨ ᠬᠥᠮᠦᠨ ᠠᠮᠠ ᠤᠯᠠᠨ᠂ ᠠᠮᠤ ᠪᠤᠳᠠᠭ᠎ᠠ ᠭᠦᠢᠴᠡᠳ ᠪᠣᠯ ᠤᠯᠤᠰ ᠭᠦᠷᠦᠨ ᠠᠮᠤᠭᠤᠯᠠᠩ᠃ ᠠᠮᠤ ᠪᠤᠳᠠᠭᠠᠨ ᠤ ᠦᠨ᠎ᠡ ᠶᠢᠨ ᠵᠣᠬᠢᠰᠲᠠᠶ ᠲᠦᠪᠰᠢᠨ ᠢ ᠪᠠᠲᠤᠯᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠶᠢᠨ ᠥᠰᠥᠯᠲᠡ ᠶᠢ ᠬᠤᠷᠢᠭᠯᠠᠵᠤ᠂ ᠲᠠᠷᠢᠶᠠᠴᠢᠳ ᠤᠨ ᠢᠳᠡᠪᠬᠢᠵᠢᠯ ᠢ ᠰᠠᠶᠢᠲᠤᠷ ᠬᠠᠮᠠᠭᠠᠯᠠᠬᠤ ᠬᠡᠷᠡᠭᠲᠡᠶ ᠭᠡᠵᠦ ᠬᠡᠯᠡᠪᠡ᠃ ᠲᠡᠷᠡ ᠴᠢᠬᠤᠯᠠᠴᠢᠯᠠᠬᠤ ᠳᠤ ᠪᠠᠨ᠂ ᠬᠤᠪᠣᠷ ᠨᠠᠨᠳᠢᠨ ᠬᠠᠷ᠎ᠠ ᠰᠢᠷᠣᠢ ᠶᠢ ᠰᠠᠶᠢᠲᠤᠷ ᠰᠠᠬᠢᠨ ᠬᠠᠮᠠᠭᠠᠯᠠᠵᠤ᠂ ᠨᠡᠩ ᠤᠯᠠᠨ ᠰᠠᠶᠢᠨ ᠡᠭᠦᠯᠳᠡᠷ ᠢ ᠪᠤᠶᠢᠵᠢᠭᠤᠯᠵᠤ᠂ ᠵᠡᠭᠦᠨ ᠬᠤᠶᠢᠲᠤ ᠣᠷᠣᠨ ᠤ ᠡᠨᠡ ᠬᠦ ᠠᠮᠤ ᠪᠤᠳᠠᠭᠠᠨ ᠤ ᠲᠤᠮᠤ ᠬᠥᠮᠥᠷᠭᠡ ᠶᠢ ᠨᠡᠩ ᠳᠦᠭᠦᠷᠡᠩ ᠪᠣᠯᠭᠠᠬᠤ ᠬᠡᠷᠡᠭᠲᠡᠢ ᠭᠡᠪᠡ᠃
     ᠯᠢ ᠺᠧ ᠴᠢᠶᠠᠩ ᠴᠠᠭᠠᠨ ᠨᠠᠭᠤᠷ ᠲᠤ ᠬᠦᠷᠴᠦ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠨᠵᠢᠯᠡᠨ ᠪᠠᠶᠢᠴᠠᠭᠠᠪᠠ᠃ ᠲᠡᠷᠡ ᠬᠡᠯᠡᠬᠦ ᠳᠤ ᠪᠠᠨ᠂ ᠡᠨᠡ ᠶᠡᠭᠡ ᠨᠠᠭᠤᠷ ᠡᠷᠬᠢᠨ ᠲᠣᠭᠤᠷᠢᠨ ᠤ ᠠᠮᠢ ᠠᠬᠤᠶ ᠶᠢ ᠵᠣᠬᠢᠴᠠᠭᠤᠯᠤᠨ ᠰᠠᠶᠢᠵᠢᠷᠠᠭᠤᠯᠬᠤ ᠴᠢᠬᠤᠯᠠ ᠦᠢᠯᠡᠳᠦᠯ ᠲᠠᠢ ᠶᠤᠮ᠃ ᠤᠰᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠦᠷᠭᠦᠯᠵᠢᠯᠡᠨ ᠴᠥᠬᠦᠷᠡᠰᠢ ᠦᠭᠡᠢ ᠠᠳᠬᠤᠵᠤ᠂ ᠰᠠᠶᠢᠨ ᠠᠮᠢ ᠠᠬᠤᠢ ᠪᠠᠷ ᠵᠢᠭᠠᠰᠤᠨ ᠠᠵᠤ ᠠᠬᠤᠢ ᠵᠡᠷᠭᠡ ᠠᠵᠤ ᠦᠢᠯᠡᠰ ᠤᠨ ᠬᠥᠭᠵᠢᠯᠲᠡ ᠶᠢ ᠲᠠᠶᠢᠴᠢᠯᠠᠵᠤ᠂ ᠴᠠᠭᠠᠨ ᠨᠠᠭᠤᠷ ᠤᠨ ᠠᠯᠳᠠᠷ ᠨᠡᠷ᠎ᠡ ᠶᠢ ᠬᠠᠮᠠᠭᠠᠯᠠᠬᠤ ᠬᠡᠷᠡᠭᠲᠡᠢ ᠭᠡᠵᠡᠢ᠃
     ᠭᠢᠷᠢᠨ ᠤ ᠫᠠᠨ ᠫᠠᠨ ᠢᠳᠡᠭᠡᠨ ᠤᠮᠳᠠᠭᠠᠨ ᠤ ᠺᠣᠮᠫᠠᠨᠢ ᠶᠢ ᠵᠡᠭᠦᠨ ᠬᠡᠰᠡᠭ ᠤᠨ ᠠᠵᠤ ᠠᠬᠤᠶᠢᠯᠠᠯ ᠪᠡᠯᠡ ᠣᠷᠣᠭᠤᠯᠤᠨ ᠪᠠᠶᠢᠭᠤᠯᠪᠠ᠃ ᠯᠢ ᠺᠧ ᠴᠢᠶᠠᠩ ᠠᠵᠤ ᠠᠬᠤᠶᠢᠯᠠᠯ ᠤᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠬᠠᠷᠠᠭᠠᠯᠵᠠᠯ ᠢ ᠬᠦᠷᠲᠡᠵᠦ ᠪᠠᠶᠢᠭ᠎ᠠ ᠪᠠᠶᠢᠳᠠᠯ ᠢ ᠯᠠᠪᠯᠠᠨ ᠠᠰᠠᠭᠤᠵᠤ᠂ ᠰᠢᠨ᠎ᠡ ᠦᠢᠯᠡᠳᠬᠦᠨ ᠢ ᠪᠠᠶᠢᠴᠠᠭᠠᠨ ᠦᠵᠡᠭᠰᠡᠨ ᠪᠥᠭᠡᠳ ᠠᠵᠢᠯᠴᠢᠳ ᠲᠠᠢ ᠰᠠᠨᠠᠯ ᠢᠶᠠᠨ ᠰᠣᠯᠢᠯᠴᠠᠪᠠ᠃ ᠲᠡᠷᠡ ᠬᠡᠯᠡᠬᠦ ᠳᠤ ᠪᠠᠨ᠂ ᠢᠳᠡᠭᠡᠨ ᠤ ᠦᠢᠯᠡᠰ ᠪᠣᠯ ᠥᠨᠢ ᠡᠭᠦᠷᠢᠳᠡ ᠶᠢᠨ ᠥᠭᠡᠳᠡᠷᠬᠡᠭ ᠠᠵᠤ ᠦᠢᠯᠡᠰ ᠮᠥᠨ᠂ ᠵᠠᠬ᠎ᠠ ᠳᠡᠯᠭᠡᠭᠦᠷ ᠤᠨ ᠨᠠᠷᠢᠯᠢᠭᠵᠢᠭᠤᠯᠬᠤ ᠣᠷᠣᠨ ᠵᠠᠶ ᠮᠠᠰᠢ ᠶᠡᠭᠡ ᠪᠠᠶᠢᠳᠠᠭ᠃ ᠲᠠ ᠨᠠᠷ ᠤᠨ ᠣᠯᠠᠨ ᠡᠰᠢᠲᠦ ᠬᠡᠷᠡᠭᠯᠡᠭᠡ ᠶᠢᠨ ᠬᠡᠷᠡᠭᠴᠡᠭᠡ ᠳᠤ ᠳᠣᠭᠢᠷᠠᠬᠤ ᠠᠮᠤᠷ ᠲᠦᠪᠰᠢᠨ ᠢᠳᠡᠭᠡᠨ ᠢ ᠨᠠᠩ ᠣᠯᠠᠨ ᠨᠡᠭᠡᠭᠡᠨ ᠬᠥᠭᠵᠢᠭᠦᠯᠬᠦ ᠶᠢ ᠬᠦᠰᠡᠵᠦ ᠪᠠᠶᠢᠨ᠎ᠠ ᠭᠡᠵᠡᠶ᠃ ᠠᠵᠤ ᠠᠬᠤᠶᠢᠯᠠᠯ ᠤᠳ ᠤᠨ ᠠᠳᠡ ᠪᠡᠯᠡ ᠣᠷᠣᠭᠤᠯᠤᠯᠲᠠ ᠪᠠᠨ ᠥᠷᠭᠡᠳᠬᠡᠬᠦ ᠰᠠᠨᠠᠭ᠎ᠠ ᠲᠠᠢ ᠪᠠᠶᠢᠬᠤ ᠶᠢ ᠰᠣᠨᠣᠰᠤᠭᠠᠳ ᠯᠢ ᠺᠧ ᠴᠢᠶᠠᠩ᠂ ᠵᠡᠭᠦᠨ ᠬᠤᠶᠢᠲᠤ ᠣᠷᠣᠨ ᠪᠣᠯ ᠦᠢᠯᠡᠰ ᠢᠶᠠᠨ ᠮᠠᠨᠳᠤᠭᠤᠯᠤᠨ ᠬᠥᠭᠵᠢᠭᠦᠯᠬᠦ ᠪᠠ ᠠᠮᠢᠳᠤᠷᠠᠬᠤ ᠰᠠᠶᠢᠨ ᠭᠠᠵᠠᠷ ᠶᠤᠮ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠬᠢᠷᠢ ᠲᠡᠩᠴᠡᠪᠡᠯ᠂ ᠨᠡᠩ ᠤᠯᠠᠨ ᠪᠡᠯᠡ ᠣᠷᠣᠭᠤᠯᠤᠯᠲᠠ ᠱᠠᠨᠠᠭ᠎ᠠ ᠪᠣᠭᠤᠮᠲᠠ ᠶᠢ ᠳᠠᠪᠠᠭ᠋ᠤ ᠪᠣᠯᠤᠨ᠎ᠠ᠃ ᠥᠭᠡᠷᠡᠴᠢᠯᠡᠯᠲᠡ ᠶᠢ ᠬᠦᠴᠦᠯᠡᠨ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠣᠯᠠᠨ ᠤᠯᠤᠰᠴᠢᠯᠠᠭᠰᠠᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠤᠢ ᠪᠣᠯᠭᠠᠬᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠬᠤ ᠳᠤ ᠶᠡᠭᠡ ᠬᠦᠴᠦ ᠣᠷᠣᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠶᠢᠯᠠᠯ ᠢ ᠵᠡᠭᠦᠨ ᠬᠤᠶᠢᠲᠤ ᠣᠷᠣᠨ ᠳᠤ ᠪᠡᠯᠡ ᠣᠷᠣᠭᠤᠯᠬᠤ ᠳᠤ ᠨᠡᠩ ᠢᠲᠡᠭᠡᠯ ᠲᠠᠢ ᠪᠣᠯᠭᠠᠵᠤ᠂ ᠵᠡᠭᠦᠨ ᠬᠤᠶᠢᠲᠤ ᠣᠷᠣᠨ ᠤ ᠬᠥᠭᠵᠢᠯᠲᠡ ᠶᠢᠨ ᠶᠡᠭᠡ ᠬᠦᠰᠡᠯ ᠶᠡᠭᠡ ᠡᠷᠡᠮᠡᠯᠵᠡᠯ ᠲᠠᠢ ᠢᠷᠡᠭᠡᠳᠦᠢ ᠶᠢ ᠨᠡᠩ ᠰᠠᠶᠢᠲᠤᠷ ᠢᠯᠡᠷᠡᠭᠦᠯᠬᠦ ᠬᠡᠷᠡᠭᠲᠡᠢ ᠭᠡᠵᠦ ᠬᠡᠯᠡᠪᠡ᠃
     ᠯᠢ ᠺᠧ ᠴᠢᠶᠠᠩ ᠬᠢᠷᠢᠨ ᠮᠤᠵᠢ ᠶᠢᠨ ᠬᠥᠭᠵᠢᠭᠦᠯᠦᠨ ᠮᠠᠨᠳᠤᠭᠤᠯᠬᠤ ᠪᠠ ᠨᠡᠬᠡᠬᠡᠯᠳᠡ ᠬᠢᠵᠦ ᠬᠠᠮᠲᠤᠷᠠᠯᠴᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠡᠷᠡ ᠳᠤᠮᠳᠠᠳᠤ ᠺᠣᠷᠢᠶᠠ ᠶᠢᠨ ᠴᠠᠩᠴᠦ᠋ᠨ ᠤ ᠤᠯᠠᠨ ᠤᠯᠤᠰ ᠤᠨ ᠬᠠᠮᠲᠤᠷᠠᠯᠴᠠᠭᠠᠨ ᠤ ᠵᠢᠱᠢᠶ᠎ᠡ ᠦᠵᠡᠭᠦᠯᠬᠦ ᠲᠣᠭᠤᠷᠢᠭ ᠲᠤ ᠬᠦᠷᠴᠦ ᠲᠡᠨᠳᠡ ᠰᠠᠭᠤᠭ᠎ᠠ ᠠᠵᠤ ᠠᠬᠤᠶᠢᠯᠠᠯ ᠢ ᠰᠢᠨᠵᠢᠯᠡᠨ ᠪᠠᠶᠢᠴᠠᠭᠠᠵᠤ᠂ ᠳᠡᠳᠡᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠲᠤᠬᠠᠢ ᠲᠦᠷᠦᠭᠳᠡᠯ ᠪᠠ ᠰᠠᠨᠠᠭᠤᠯᠭ᠎ᠠ ᠶᠢ ᠯᠠᠪᠯᠠᠨ ᠠᠰᠠᠭᠤᠪᠠ᠃ ᠲᠡᠷᠡ᠂ ᠪᠢᠳᠡ ᠲᠤᠮᠤ ᠠᠵᠤ ᠠᠬᠤᠶᠢᠯᠠᠯ ᠤᠨ ᠪᠡᠯᠡ ᠣᠷᠣᠭᠤᠯᠤᠨ ᠠᠳᠠᠯ ᠦᠢᠯᠡᠰ ᠴᠣᠭᠴᠠᠯᠠᠬᠤ ᠶᠢ ᠪᠠᠶᠠᠷᠯᠠᠨ ᠤᠭᠲᠤᠬᠤ ᠪᠠᠷ ᠪᠠᠷᠠᠬᠤ ᠦᠭᠡᠢ ᠳᠤᠮᠳᠠ ᠵᠢᠵᠢᠭ ᠠᠵᠤ ᠠᠬᠤᠶᠢᠯᠠᠯ ᠤᠨ ᠬᠠᠮᠲᠤᠷᠠᠯᠴᠠᠨ ᠬᠥᠭᠵᠢᠬᠦ ᠶᠢ ᠴᠦ ᠪᠠᠶᠠᠷᠯᠠᠨ ᠤᠭᠲᠤᠨ᠎ᠠ᠃ ᠮᠠᠰᠢ ᠤᠯᠠᠨ ᠳᠤᠮᠳᠠ ᠵᠢᠵᠢᠭ ᠠᠵᠤ ᠠᠬᠤᠶᠢᠯᠠᠯ ᠨᠢ ᠲᠤᠰᠬᠠᠢ᠂ ᠨᠠᠷᠢᠯᠢᠭ᠂ ᠣᠨᠴᠠ᠂ ᠰᠢᠨ᠎ᠡ ᠮᠡᠷᠭᠡᠵᠢᠯ ᠲᠠᠢ ᠪᠣᠯᠬᠤᠷ ᠥᠪᠡᠷᠮᠢᠴᠡ ᠲᠦᠷᠦᠯ ᠠᠩᠭᠢᠯᠠᠭᠰᠠᠨ ᠦᠢᠯᠡᠴᠢᠯᠡᠭᠡ ᠬᠠᠩᠭᠠᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠨᠡᠩ ᠣᠯᠠᠨ ᠪᠣᠯᠭᠠᠵᠤ᠂ ᠲᠤᠮᠤ ᠠᠵᠤ ᠠᠬᠤᠶᠢᠯᠠᠯ ᠤᠨ ᠬᠥᠭᠵᠢᠨ ᠮᠠᠨᠳᠤᠬᠤ ᠳᠤ ᠲᠤᠯᠭᠠᠭᠤᠷᠢᠯᠠᠭᠤᠯᠬᠤ ᠬᠡᠷᠡᠭᠲᠡᠢ᠃ ᠵᠡᠭᠦᠨ ᠬᠤᠶᠢᠲᠤ ᠣᠷᠣᠨ  ᠨᠢ ᠬᠢᠯᠢ ᠳᠠᠭᠠᠤ ᠲᠠᠯᠠᠢ ᠳᠠᠭᠠᠤ ᠶᠢᠨ ᠳᠠᠪᠠᠭᠤᠯᠢᠭ ᠲᠠᠢ ᠪᠠᠶᠢᠵᠤ᠂ ᠨᠡᠬᠡᠬᠡᠯᠳᠡ ᠬᠢᠬᠦ ᠢᠯᠠᠩᠭᠤᠶ᠎ᠠ ᠵᠡᠭᠦᠨ ᠬᠤᠶᠢᠲᠤ ᠠᠽᠢᠶ᠎ᠠ ᠳᠤ ᠨᠡᠬᠡᠬᠡᠯᠳᠡ ᠬᠢᠬᠦ ᠶᠢ ᠬᠦᠴᠦᠯᠡᠨ ᠥᠷᠭᠡᠳᠬᠡᠵᠦ᠂ ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ ᠵᠥᠪᠳᠡᠯᠴᠡᠭᠡᠷ ︵RCEP︶ ᠤᠨ ᠠᠵᠠ ᠲᠣᠬᠢᠶᠠᠯ ᠢ ᠠᠮᠵᠢᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠬᠠᠮᠲᠤ ᠳᠤ ᠪᠠᠨ ᠬᠦᠷᠲᠡᠬᠦ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠦ᠂ ᠵᠡᠭᠦᠨ ᠬᠤᠶᠢᠲᠤ ᠣᠷᠣᠨ ᠤ ᠬᠥᠭᠵᠢᠯᠲᠡ ᠶᠢᠨ ᠲᠣᠯᠣᠭᠠᠶᠢᠯᠠᠭᠴᠢ ᠶᠢ ᠬᠥᠭᠵᠢᠭᠡᠵᠦ᠂ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ ᠭᠡᠵᠦ ᠬᠡᠯᠡᠪᠡ᠃
     ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠡᠭᠦᠰᠭᠡᠨ ᠪᠠᠶᠢᠭᠤᠯᠤᠭᠰᠠᠨ ︽ᠪᠠᠢ ᠳ᠋ᠦ᠋︾ ᠰᠢᠨ᠎ᠡ ᠶᠢ ᠡᠭᠦᠳᠬᠦ ᠦᠢᠯᠡᠳᠪᠦᠷᠢ ᠳᠤ᠂ ᠯᠢ ᠺᠧ ᠴᠢᠶᠠᠩ ᠠᠳᠡᠬᠢ ᠶᠢᠨ ᠨᠡᠪᠴᠢᠭᠦᠯᠦᠯᠲᠡ ᠪᠠ ᠲᠦᠭᠰᠢᠭᠦᠷᠢᠲᠦ ᠪᠡᠯᠡ ᠣᠷᠣᠭᠤᠯᠤᠯᠲᠠ ᠶᠢ ᠤᠶᠠᠯᠳᠤᠭᠤᠯᠬᠤ ᠪᠠᠷ ᠳᠠᠮᠵᠢᠨ ᠰᠢᠨ᠎ᠡ ᠶᠢ ᠡᠭᠦᠳᠬᠦ ᠶᠢ ᠠᠬᠢᠭᠤᠯᠵᠤ᠂ ᠵᠠᠰᠠᠭ ᠤᠨ ᠣᠷᠳᠣᠨ ᠲᠤᠬᠠᠢ ᠶᠢᠨ ᠲᠠᠯᠠᠪᠠᠢ ᠳᠤ ᠲᠦᠬᠦᠮ ᠦᠵᠡᠭᠦᠯᠬᠦ ᠦᠢᠯᠡᠴᠢᠯᠡᠭᠡ ᠬᠠᠩᠭᠠᠭᠰᠠᠨ ᠢ ᠨᠤᠲᠠᠯᠠᠪᠠ᠃ ᠲᠡᠷᠡ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠰᠣᠨᠢᠷᠬᠠᠵᠤ᠂ ᠵᠢᠵᠢᠭ ᠪᠦᠲᠦᠭᠡᠭᠳᠡᠬᠦᠨ ᠨᠢ ᠶᠡᠭᠡ ᠬᠥᠭᠡᠭᠡᠴᠡᠯᠳᠦᠯ ᠪᠠᠶᠢᠬᠤ ᠶᠢ ᠮᠠᠭᠲᠠᠪᠠ᠃ ᠯᠢ ᠺᠧ ᠴᠢᠶᠠᠩ ᠰᠢᠨ᠎ᠡ ᠶᠢ ᠡᠭᠦᠳᠦᠭᠴᠢᠳ ᠤᠨ ᠠᠳᠠᠯ ᠦᠢᠯᠡᠰ ᠴᠣᠭᠴᠠᠯᠠᠭᠰᠠᠨ ᠥᠩᠭᠡᠷᠡᠯᠲᠡ ᠪᠠ ᠶᠠᠮᠠᠷ ᠶᠠᠮᠠᠷ ᠳᠡᠮᠵᠢᠯᠭᠡ ᠬᠡᠷᠡᠭᠰᠡᠬᠦ ᠶᠢ ᠯᠠᠪᠯᠠᠨ ᠠᠰᠠᠭᠤᠪᠠ᠃ ᠲᠡᠷᠡ᠂ ᠪᠢᠳᠠ ᠤᠯᠠᠨ ᠢᠶᠠᠷ ᠢᠶᠠᠨ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠶᠢ ᠦᠷᠭᠦᠯᠵᠢᠯᠡᠨ ᠠᠬᠢᠭᠤᠯᠵᠤ ᠪᠠᠶᠢᠭ᠎ᠠ ᠨᠢ ᠳᠠᠷᠤᠢ ᠨᠡᠶᠢᠭᠡᠮ ᠤᠨ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠨᠡᠩ ᠶᠡᠬᠡᠪᠡᠷ ᠬᠥᠭᠵᠢᠭᠡᠬᠦ ᠶᠢᠨ ᠲᠥᠯᠥᠭᠡ ᠶᠤᠮ᠃ ᠤᠯᠠᠨ ᠢᠶᠠᠷ ᠢᠶᠠᠨ ᠬᠦᠴᠦᠨ ᠢᠶᠠᠨ ᠨᠢᠭᠡᠳᠬᠡᠪᠡᠯ᠂ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠬᠤ ᠪᠠᠷ ᠪᠠᠷᠠᠬᠤ ᠦᠭᠡᠢ ᠪᠠᠰᠠ ᠬᠦᠴᠢᠷ ᠪᠡᠷᠬᠡᠰᠢᠶᠡᠯ ᠢ ᠬᠠᠮᠲᠤᠪᠠᠷ ᠲᠤᠭᠤᠯᠵᠦ᠂ ᠰᠢᠨ᠎ᠡ ᠶᠢ ᠡᠭᠦᠳᠬᠦ ᠶᠢᠨ ᠶᠡᠭᠡ ᠬᠥᠯᠭᠡ ᠶᠢ ᠠᠮᠵᠢᠯᠲᠠ ᠶᠢᠨ ᠡᠷᠭᠢ ᠳᠤ ᠬᠦᠷᠦᠭᠦᠯᠵᠦ ᠴᠢᠳᠠᠨ᠎ᠠ ᠭᠡᠵᠡᠢ᠃      ᠯᠢ ᠺᠧ ᠴᠢᠶᠠᠩ ᠭᠢᠷᠢᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠵᠠᠮ ᠨᠡᠭᠡᠭᠡᠨ ᠰᠢᠨ᠎ᠡ ᠶᠢ ᠡᠭᠦᠳᠴᠦ᠂ ᠯᠠᠪᠳᠠᠭᠤᠨ ᠪᠠᠲᠤᠲᠠᠢ ᠠᠵᠢᠯᠯᠠᠵᠤ᠂ ᠵᠡᠭᠦᠨ ᠬᠤᠶᠢᠲᠤ ᠣᠷᠣᠨ ᠤ ᠪᠦᠬᠦ ᠲᠠᠯ᠎ᠠ ᠶᠢᠨ ᠬᠥᠭᠵᠢᠯ ᠮᠠᠨᠳᠤᠯ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠪᠡ᠃      ᠰᠢᠶᠤᠤ ᠵᠢᠶᠧ᠂ ᠡᡁᠧ ᠯᠢ ᠹᠧᠩ ᠪᠠᠷ᠎ᠠ ᠪᠤᠯᠵᠤ ᠰᠢᠨᠵᠢᠯᠡᠨ ᠪᠠᠶᠢᠴᠠᠭᠠᠪᠠ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1