ᠱᠤᠸᠠᠩ ᠾᠧ ᠪᠠᠯᠭᠠᠰᠤ ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠦᠷ ᠤᠨ ᠬᠥᠷᠰᠢ ᠵᠡᠷᠭᠡᠯᠡᠳᠡᠭᠡ︾ ᠭᠡᠬᠦ ᠭᠤᠤᠯ ᠰᠡᠳᠦᠪᠲᠦ ᠰᠠᠶᠢᠨ ᠲᠤᠷᠠᠴᠤᠳ ᠤᠨ ᠦᠢᠯᠡᠴᠢᠯᠡᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/6/21
      ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠵᠦ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢᠨ ᠲᠥᠯᠥᠭᠡ᠂ 6 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ ᠱᠤᠸᠠᠩ ᠾᠧ ᠪᠠᠯᠭᠠᠰᠤ ᠰᠠᠶᠢᠨ ᠲᠤᠷᠠᠴᠤᠳ ᠤᠨ ᠠᠵᠢᠯᠯᠠᠭᠴᠢ᠂ ᠰᠠᠭᠤᠭᠠᠯᠢ ᠠᠷᠠᠳ᠂ ᠬᠠᠮᠲᠤ ᠪᠠᠷ ᠪᠠᠶᠢᠭᠤᠯᠤᠭᠰᠠᠨ ᠨᠢᠭᠡᠴᠢ ᠶᠢᠨ ᠪᠠᠭᠰᠢ ᠨᠠᠷ ᠢ ᠵᠣᠬᠢᠶᠠᠨ ᠪᠠᠶᠢᠭᠤᠯᠵᠤ᠂ ᠭᠤᠸᠠᠩ ᠮᠢᠩ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠡᠯᠳᠦᠯᠭᠡ ᠶᠢᠨ ᠥᠷᠲᠡᠭᠡ ᠳᠤ ᠲᠦᠰᠢᠭᠯᠡᠨ᠂ ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠬᠥᠷᠰᠢ ᠵᠡᠷᠭᠡᠯᠡᠳᠡᠭᠡ ᠪᠠᠨ ᠬᠠᠶᠢᠷᠠᠯᠠᠨ ᠬᠠᠯᠠᠮᠵᠢᠯᠠᠶ᠎ᠠ︾ ᠭᠡᠬᠦ ᠭᠤᠤᠯ ᠰᠡᠳᠦᠪᠲᠦ ᠰᠠᠶᠢᠨ ᠲᠤᠷᠠᠴᠤᠳ ᠤᠨ ᠦᠢᠯᠡᠴᠢᠯᠡᠭᠡ ᠶᠢᠨ ᠠᠵᠢᠯᠯᠠᠭ᠎ᠠ ᠶᠢ ᠡᠷᠭᠢᠯᠡᠪᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ 20 ᠭᠠᠷᠤᠢ ᠬᠥᠮᠦᠨ ᠬᠦᠷᠢᠶᠡᠯᠡᠨ ᠰᠠᠭᠤᠵᠤ᠂ ᠰᠢᠷᠡᠭᠡᠨ ᠳᠡᠭᠡᠷ᠎ᠡ ᠲᠠᠪᠤᠨ ᠥᠩᠭᠡᠲᠦ ᠤᠲᠠᠰᠤ᠂ ᠥᠩᠭᠡᠲᠦ ᠴᠠᠭᠠᠰᠤ᠂ ᠬᠠᠶᠢᠴᠢ᠂ ᠽᠦᠩᠽᠢ ᠶᠢᠨ ᠨᠠᠪᠴᠢ᠂ ᠽᠦᠩᠽᠢ ᠶᠢᠨ ᠪᠤᠳᠠᠭ᠎ᠠ᠂ ᠽᠦᠩᠽᠢ ᠶᠢᠨ ᠳᠡᠭᠡᠰᠦ ᠵᠡᠷᠭᠡ ᠮᠠᠲ᠋ᠧᠷᠢᠶᠠᠯ ᠢ ᠲᠡᠷᠢ ᠲᠡᠭᠰᠢ ᠦᠷᠦᠵᠦ ᠪᠠᠶᠢᠪᠠ᠂ ᠤᠯᠠᠨ ᠢᠶᠠᠷ ᠢᠶᠠᠨ ᠪᠠᠶᠠᠷ ᠬᠦᠷ ᠲᠠᠢ ᠪᠠᠷ ᠲᠠᠪᠤᠨ ᠥᠩᠭᠡᠲᠦ ᠳᠡᠭᠡᠰᠦ᠂ ᠴᠠᠭᠠᠰᠤᠨ ᠬᠠᠶᠢᠴᠢᠯᠠᠮᠠᠯ᠂ ᠽᠦᠩᠽᠢ ᠶᠢ ᠪᠣᠭᠤᠵᠤ᠂ ᠨᠢᠭᠡ ᠲᠠᠯ᠎ᠠ ᠪᠠᠷ ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠢᠷᠡᠯᠲᠡ︾᠂ ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠵᠠᠩ ᠳᠠᠳᠬᠠᠯ︾ ᠵᠢᠴᠢ ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠢᠷᠠᠭᠤ ᠨᠠᠶᠢᠷᠠᠭ ᠤᠨ ᠡᠷᠲᠡᠨ ᠤ ᠰᠢᠯᠦᠭ ᠳᠠᠭᠤᠯᠠᠯ︾ ᠢ ᠵᠣᠭᠤᠭᠳᠠᠵᠤ᠂ ᠥᠳᠬᠡᠨ ᠵᠤᠵᠠᠭᠠᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠪᠠ᠃ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠰᠠᠶᠢᠨ ᠲᠤᠷᠠᠴᠤᠳ ᠤᠨ ᠠᠵᠢᠯᠯᠠᠭᠴᠢᠳ ᠡᠲᠡᠭᠡᠷ ᠬᠠᠶᠢᠷ᠎ᠠ ᠬᠠᠯᠠᠮᠵᠢ ᠪᠢᠯᠬᠠᠭᠰᠠᠨ ᠽᠦᠩᠽᠢ ᠶᠢ ᠬᠠᠷᠢᠶᠠᠲᠤ ᠣᠷᠣᠨ ᠤ ᠪᠠᠨ ᠬᠦᠴᠢᠷᠳᠡᠯᠲᠡᠶ ᠣᠯᠠᠨ ᠲᠦᠮᠡᠨ ᠤ ᠬᠡᠷ ᠲᠤ ᠬᠦᠷᠭᠡᠵᠦ᠂ ᠲᠡᠳᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠵᠦ᠂ ᠨᠡᠶᠢᠭᠡᠮ ᠤᠨ ᠶᠡᠭᠡ ᠬᠡᠷ ᠪᠦᠯᠢ ᠶᠢᠨ ᠬᠠᠯᠠᠭᠤᠨ ᠳᠤᠯᠠᠭᠠᠨ ᠢ ᠮᠡᠳᠡᠷᠡᠭᠦᠯᠵᠦ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠬᠠᠮᠲᠤ ᠪᠠᠷ ᠮᠡᠳᠡᠷᠡᠭᠦᠯᠪᠡ᠃      ᠲᠣᠰ ᠤᠳᠠᠭᠠᠨ ᠤ ᠰᠠᠶᠢᠨ ᠲᠤᠷᠠᠴᠤᠳ ᠤᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠬᠥᠷᠰᠢ ᠵᠡᠷᠭᠡᠯᠡᠳᠡᠭᠡ ᠶᠢᠨ ᠡᠶ᠎ᠡ ᠵᠣᠬᠢᠴᠠᠯ ᠢ ᠠᠬᠢᠭᠤᠯᠤᠨ᠂ ᠨᠡᠶᠢᠭᠡᠮ ᠲᠣᠭᠤᠷᠢᠭ ᠤᠨ ᠨᠢᠭᠲᠠᠷᠠᠯ ᠤᠨ ᠬᠦᠴᠦᠨ ᠢ ᠴᠢᠩᠭᠠᠷᠠᠭᠤᠯᠪᠠ᠃ ᠡᠭᠦᠨ ᠤ ᠬᠠᠮᠲᠤ᠂ ᠪᠣᠳᠠᠲᠤ ᠠᠵᠢᠯᠯᠠᠭ᠎ᠠ ᠪᠠᠷ ᠢᠶᠠᠨ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠠᠵᠢᠯᠯᠠᠭ᠎ᠠ ᠶᠢ ᠦᠢᠯᠡᠳᠦᠯᠭᠡᠵᠢᠭᠦᠯᠵᠦ᠂ ᠨᠡᠶᠢᠭᠡᠮ ᠲᠣᠭᠤᠷᠢᠭ ᠤᠨ ᠵᠠᠰᠠᠯᠲᠠ ᠶᠢ ᠰᠠᠭᠤᠭᠠᠯᠢ ᠠᠷᠠᠳ ᠤᠨ ᠰᠠᠶᠢᠨ ᠰᠠᠶᠢᠬᠠᠨ ᠠᠮᠢᠳᠤᠷᠠᠯ ᠲᠠᠢ ᠣᠷᠭᠠᠨᠢᠭ ᠢᠶᠠᠷ ᠤᠶᠠᠯᠳᠤᠭᠤᠯᠵᠤ᠂ ᠬᠥᠷᠰᠢ ᠵᠡᠷᠭᠡᠯᠡᠳᠡᠭᠡ ᠪᠠᠷ ᠢᠶᠠᠨ ᠬᠠᠷᠢᠯᠴᠠᠨ ᠬᠠᠪᠰᠤᠷᠤᠯᠴᠠᠬᠤ᠂ ᠡᠬᠢ ᠪᠠᠶᠠᠯᠢᠭ ᠢᠶᠠᠨ ᠬᠠᠷᠢᠯᠴᠠᠨ ᠨᠡᠪᠲᠡᠷᠡᠯᠴᠡᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1