︽ᠬᠠᠳᠤᠨ ᠭᠤᠣᠯ ᠢ ᠬᠠᠮᠠᠭᠠᠯᠠᠶ᠎ᠠ᠂ ᠬᠠᠮᠳᠤᠪᠡᠷ ᠴᠢᠷᠮᠠᠶᠢᠶ᠎ᠠ︾ ᠰᠢᠶᠠᠨ ᠤ ᠮᠠᠯ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ ᠬᠢᠨ ᠭᠤᠣᠯ ᠤᠨ ᠭᠤᠯᠳᠤᠷᠢᠯ ᠤᠨ ᠪᠣᠬᠢᠷᠲᠤᠯ ᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠡᠢ
ᠨᠡᠶᠢᠲᠡᠯᠡᠭᠰᠡᠨ ᠴᠠᠭ᠄
2021/6/21
      ᠰᠢ ᠶᠢᠨ ᠫᠢᠩ ᠶᠡᠷᠦᠩᠬᠡᠶ ᠱᠦᠵᠢ ᠶᠢᠨ ᠬᠠᠲᠤᠨ ᠭᠤᠣᠯ ᠤᠨ ᠵᠠᠮ ᠤᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠶ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠪᠣᠯᠤᠨ ᠮᠠᠨ ᠤ ᠰᠢᠶᠠᠨ ᠤ ︽ᠬᠠᠲᠤᠨ ᠭᠤᠤᠯ ᠤᠨ ᠵᠠᠮ ᠤᠨ ᠬᠤᠯᠪᠣᠭᠳᠠᠯ ᠪᠥᠬᠦᠶ ᠠᠰᠠᠭᠤᠳᠠᠯ ᠢ ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠣᠰᠣᠭᠠᠷ᠂ 6 ᠳ᠋ᠤᠭᠠᠷ ᠰᠠᠷ᠎ᠠ ᠶᠢᠨ 17 ᠤ ᠡᠳᠦᠷ᠂ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠢ ᠳᠡᠯᠭᠡᠷᠡᠭᠦᠯᠬᠦ ᠲᠥᠪ ᠬᠠᠲᠤᠨ ᠭᠤᠤᠯ ᠤᠨ ᠨᠤᠭᠤ ᠭᠠᠵᠠᠷ ᠢ ᠬᠠᠮᠢᠶᠠᠷᠤᠨ ᠬᠠᠮᠠᠭᠠᠯᠠᠬᠤ ᠲᠥᠪ ᠤᠨ ᠾᠧ ᠺᠸᠤ ᠲᠣᠰᠬᠤᠨ ᠳᠤ ︽ᠬᠠᠳᠤᠨ ᠭᠤᠣᠯ ᠢ ᠬᠠᠮᠠᠭᠠᠯᠠᠶ᠎ᠠ᠂ ᠬᠠᠮᠳᠤᠪᠡᠷ ᠴᠢᠷᠮᠠᠶᠢᠶ᠎ᠠ︾ ᠭᠡᠬᠦ ᠪᠠᠷ ᠭᠤᠤᠯ ᠰᠡᠳᠦᠪ ᠪᠣᠯᠭᠠᠭᠰᠠᠨ ᠭᠤᠤᠯ ᠤᠨ ᠰᠠᠶᠢᠷᠭᠠᠯ ᠤᠨ ᠪᠣᠬᠢᠷᠲᠤᠯ ᠢ ᠴᠡᠭᠴᠡᠯᠡᠨ ᠵᠠᠰᠠᠬᠤ ᠠᠵᠢᠯ ᠢ ᠥᠷᠨᠢᠭᠦᠯᠪᠡ᠃    
 
         ᠣᠶᠢᠯᠠᠭᠠᠭᠰᠠᠨ ᠢᠶᠠᠷ᠂ ︽ᠲᠥᠰᠦᠯ︾ ᠤᠨ ᠱᠠᠭᠠᠷᠳᠠᠯᠭ᠎ᠠ ᠶᠢ ᠦᠨᠳᠦᠰᠦᠯᠡᠪᠡᠯ᠂ ᠬᠠᠲᠤᠨ ᠭᠤᠤᠯ ᠤᠨ ᠭᠤᠤᠯ ᠭᠤᠯᠳᠤᠷᠢᠯ ᠤᠨ ᠣᠷᠣᠨ ᠳᠤ ᠲᠠᠷᠢᠮᠠᠯ ᠤᠨ ᠲᠠᠯᠠᠪᠠᠶ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠴᠠᠭᠠᠵᠠᠯᠠᠵᠤ᠂ ᠥᠨᠳᠥᠷ ᠡᠰᠢᠲᠦ ᠲᠠᠷᠢᠮᠠᠯ ᠳᠠᠷᠢᠬᠤ ᠶᠢ ᠴᠢᠩᠭ᠎ᠠ ᠴᠠᠭᠠᠵᠠᠯᠠᠵᠤ᠂ ᠲᠠᠷᠢᠶᠠᠨ ᠡᠮ᠂ ᠬᠢᠮᠢ ᠶᠢᠨ ᠪᠣᠷᠲᠣᠭᠤᠷ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ︔ ᠰᠠᠶᠢᠷᠭᠠᠯ ᠣᠶᠢᠷᠠᠯᠴᠠᠭ᠎ᠠ ᠣᠷᠣᠨ ᠳᠤ ᠦᠶᠡᠷ ᠵᠠᠯᠠᠬᠤ ᠶᠢ ᠨᠥᠯᠥᠭᠡᠯᠡᠬᠦ ᠥᠨᠳᠥᠷ ᠡᠰᠢᠲᠦ ᠲᠠᠷᠢᠮᠠᠯ ᠳᠠᠷᠢᠬᠤ ᠶᠢ ᠴᠢᠩᠭ᠎ᠠ ᠴᠠᠭᠠᠵᠠᠯᠠᠨ᠎ᠠ︔ ᠠᠯᠤᠰ ᠲᠠᠩ ᠣᠷᠣᠨ ᠳᠤ ᠣᠷᠭᠠᠨᠢᠭ ᠪᠣᠷᠲᠣᠭᠤᠷ ᠬᠡᠷᠡᠭᠯᠡᠬᠦ ᠶᠢ ᠳᠡᠯᠭᠡᠷᠡᠭᠦᠯᠵᠦ᠂ ᠲᠠᠷᠢᠶᠠᠨ ᠡᠮ ᠤᠨ ᠰᠦᠯᠢᠶᠣᠣ ᠪᠦᠷᠬᠦᠭᠦᠯ ᠤᠨ ᠰᠥᠭᠡᠷᠭᠦ ᠨᠡᠮᠡᠭᠳᠡᠯ ᠤᠨ ᠠᠵᠢᠯᠯᠠᠭ᠎ᠠ ᠶᠢ ᠬᠡᠷᠡᠭᠵᠢᠭᠦᠯᠦᠨ᠂ ᠬᠡᠷᠡᠭᠯᠡᠬᠦ ᠬᠡᠮᠵᠢᠶ᠎ᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠤᠨ᠎ᠠ᠃      ᠠᠵᠢᠯᠲᠠᠳ ᠲᠣᠰᠬᠤᠨ ᠢᠶᠠᠷ ᠶᠠᠪᠤᠵᠤ ᠡᠷᠦᠭᠡ ᠳᠤ ᠣᠷᠣᠬᠤ᠂ ᠥᠷᠭᠡᠨ ᠢᠶᠠᠷ ᠤᠬᠠᠭᠤᠯᠤᠨ ᠲᠠᠶᠢᠯᠪᠤᠷᠢᠯᠠᠬᠤ᠂ ᠲᠤᠬᠠᠢ ᠶᠢᠨ ᠭᠠᠵᠠᠷ ᠲᠤᠨᠢ ᠬᠠᠶᠢᠨ ᠪᠠᠶᠢᠴᠠᠭᠠᠵᠤ ᠵᠢᠯᠣᠭᠤᠳᠬᠤ ᠵᠡᠷᠭᠡ ᠠᠷᠭ᠎ᠠ ᠬᠡᠯᠪᠡᠷᠢ ᠪᠠᠷ ᠰᠢᠶᠠᠨ ᠤ ᠬᠢᠵᠠᠭᠠᠷ ᠲᠠᠬᠢ ᠬᠠᠳᠤᠨ ᠭᠤᠣᠯ ᠤᠨ ᠰᠠᠪᠠ ᠭᠠᠵᠠᠷ ᠤᠨ ᠲᠣᠰᠬᠤᠨ ᠤ ᠠᠷᠠᠳ ᠲᠤ ᠬᠠᠳᠤᠨ ᠭᠤᠣᠯ ᠤᠨ ᠭᠤᠣᠯ ᠤᠨ ᠵᠠᠮ ᠤᠨ ᠬᠡᠪᠴᠢᠶᠡᠨ ᠳᠠᠬᠢ ᠭᠤᠣᠯ ᠤᠨ ᠭᠤᠯᠳᠤᠷᠢᠯ ᠤᠨ ᠣᠷᠣᠨ᠂ ᠦᠶᠡᠷ ᠤᠷᠤᠰᠬᠤ ᠶᠢ ᠨᠥᠯᠥᠭᠡᠯᠡᠬᠦ ᠲᠠᠩ ᠣᠶᠢᠷᠠᠯᠴᠠᠭ᠎ᠠ ᠣᠷᠣᠨ ᠳᠤ ᠥᠨᠳᠥᠷ ᠡᠰᠢᠲᠦ ᠲᠠᠷᠢᠮᠠᠯ ᠲᠠᠷᠢᠬᠤ᠂ ᠭᠤᠣᠯ ᠤᠨ ᠭᠤᠯᠳᠤᠷᠢᠯ ᠤᠨ ᠣᠷᠣᠨ ᠪᠣᠯᠤᠨ ᠲᠠᠩ ᠣᠶᠢᠷᠠᠯᠴᠠᠭ᠎ᠠ ᠣᠷᠣᠨ ᠳᠤ ᠲᠠᠷᠢᠶᠠᠨ ᠡᠮ ᠬᠢᠮᠢ ᠶᠢᠨ ᠪᠤᠷᠳᠤᠭᠤᠷ ᠬᠡᠷᠡᠭᠯᠡᠭᠡᠳ ᠬᠠᠳᠤᠨ ᠭᠤᠣᠯ ᠳᠤ ᠤᠴᠠᠷᠠᠭᠤᠯᠤᠭᠰᠠᠨ ᠡᠪᠳᠡᠯᠡᠭᠡ ᠪᠠ ᠨᠥᠯᠥᠭᠡ ᠵᠡᠷᠭᠡ ᠶᠢ ᠬᠦᠯᠢᠴᠡᠩᠭᠦᠢ ᠨᠠᠷᠢᠨ ᠲᠠᠶᠢᠯᠪᠤᠷᠢᠯᠠᠵᠠᠢ᠃    
       ᠲᠠᠷᠠᠭᠠᠴᠢ ᠶᠢᠨ ᠠᠯᠬᠤᠮ ᠳᠤ᠂ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠤᠨ ᠳᠡᠯᠭᠡᠷᠡᠭᠦᠯᠦᠯᠲᠡ ᠶᠢᠨ ᠲᠥᠪ ᠠᠴᠠ ᠬᠠᠲᠤᠨ ᠭᠤᠤᠯ ᠤᠨ ᠴᠢᠭᠢᠭᠯᠢᠭ ᠭᠠᠵᠠᠷ ᠢ ᠬᠠᠮᠢᠶᠠᠷᠤᠨ ᠬᠠᠮᠠᠭᠠᠯᠠᠬᠤ ᠲᠥᠪ ᠲᠠᠢ ᠬᠠᠮᠵᠢᠯᠴᠠᠨ ᠷᠠᠳᠢᠣ᠋ ᠨᠡᠪᠲᠡᠷᠡᠭᠦᠯᠭᠡ᠂ ᠰᠦᠯᠵᠢᠶ᠎ᠡ ᠵᠡᠷᠭᠡ ᠵᠠᠭᠤᠴᠢᠯᠠᠭᠤᠷ ᠢ ᠭᠦᠢᠴᠡᠳ ᠠᠰᠢᠭᠯᠠᠨ᠂ ᠤᠬᠠᠭᠤᠯᠤᠨ ᠮᠡᠳᠡᠭᠡᠯᠡᠬᠦ ᠠᠵᠢᠯ ᠥᠷᠨᠢᠭᠦᠯᠵᠦ᠂ ᠬᠠᠲᠤᠨ ᠭᠤᠤᠯ ᠤᠨ ᠲᠠᠩ ᠭᠠᠵᠠᠷ ᠤᠨ ᠲᠠᠷᠢᠮᠠᠯ ᠤᠨ ᠵᠦᠢᠯ ᠢ ᠳᠠᠷᠢᠬᠤ ᠶᠢ ᠴᠠᠭᠠᠵᠠᠯᠠᠬᠤ ᠪᠠ ᠲᠠᠷᠢᠶᠠᠯᠠᠩ ᠤᠨ ᠣᠯᠠᠨ ᠡᠬᠢᠳᠤ ᠪᠣᠬᠢᠷᠲᠤᠯ ᠤᠨ ᠠᠵᠢᠯ ᠤᠨ ᠱᠠᠭᠠᠷᠳᠠᠯᠭ᠎ᠠ ᠶᠢ ᠬᠥᠮᠦᠨ ᠪᠦᠬᠦᠨ ᠳᠤ ᠮᠡᠳᠡᠭᠦᠯᠵᠦ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠂ ᠬᠦᠴᠦ ᠪᠠᠨ ᠬᠠᠮᠲᠤᠳᠬᠠᠨ ᠬᠠᠮᠲᠤ ᠪᠠᠷ ᠪᠠᠭᠠᠰᠬᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠨ᠎ᠠ᠃ ᠡᠭᠦᠨ ᠤ ᠬᠠᠮᠲᠤ᠂ ᠬᠠᠲᠤᠨ ᠭᠤᠤᠯ ᠤᠨ ᠵᠠᠮ ᠢ ᠴᠡᠭᠴᠡᠯᠡᠨ ᠵᠠᠰᠠᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠠᠵᠢᠯ ᠤᠨ ᠲᠥᠰᠦᠯ ᠢᠶᠠᠨ ᠨᠠᠷᠢᠯᠢᠬᠵᠢᠭᠤᠯᠤᠨ᠂ ᠴᠡᠭᠴᠡᠯᠡᠨ ᠵᠠᠰᠠᠬᠤ ᠶᠢ ᠲᠦᠷᠭᠡᠳᠬᠡᠵᠦ᠂ ᠬᠠᠲᠤᠨ ᠭᠤᠤᠯ ᠤᠨ ᠵᠠᠮ ᠢ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ᠃
 
ᠢᠷᠡᠯᠲᠡ᠄ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1