ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠲᠣᠭᠲᠠᠬᠤ ᠰᠢᠶᠠᠨ ᠤ ᠰᠤᠷᠭᠠᠨ ᠬᠥᠮᠦᠵᠢᠯ ᠤᠨ ᠬᠠᠤᠯᠢ ᠲᠣᠭᠲᠠᠭᠠᠬᠤ ᠠᠵᠢᠯ ᠪᠠ ᠳᠡᠩᠰᠡᠯᠡᠵᠦ ᠬᠢᠨᠠᠨ ᠪᠠᠶᠢᠴᠠᠭᠠᠬᠤ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2021/6/21
      6 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠤᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠪᠢ ᠯᠢ ᠹᠦ᠋ ᠶᠢᠨ ᠳᠠᠭᠠᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠰᠢᠶᠠᠨ ᠳᠤ ᠰᠤᠷᠭᠠᠨ ᠬᠥᠮᠦᠵᠢᠯ ᠤᠨ ᠬᠠᠤᠯᠢ ᠲᠣᠭᠲᠠᠭᠠᠬᠤ ᠠᠵᠢᠯ ᠪᠠ ᠳᠡᠩᠰᠡᠯᠡᠵᠦ ᠬᠢᠨᠠᠨ ᠪᠠᠶᠢᠴᠠᠭᠠᠬᠤ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠠᠨ ᠹᠧᠩ᠂ ᠰᠢᠶᠠᠨ ᠤ ᠤᠳᠤᠷᠢᠳᠤᠯᠭ᠎ᠠ ᠰᠦᠨ ᠰᠢᠶᠦ᠋ᠨ᠂ ᠤᠶᠤᠨᠴᠡᠴᠡᠭ᠂ ᠸᠧᠨ ᠵᠢᠶᠠᠩ ᠬᠠᠶ᠂ ᠹᠠᠨ ᠷᠦᠢ ᠫᠢᠩ᠂ ᠶᠠᠩ ᠶᠢᠨ ᠤᠷᠢᠳ ᠬᠤᠵᠢᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠪᠠ ᠰᠢᠶᠠᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠤᠷᠭᠠᠭᠤᠯᠢ ᠶᠢᠨ ᠬᠠᠮᠢᠶᠠᠷᠤᠯᠲᠠ᠂ ᠰᠣᠶᠣᠯ ᠤᠨ ᠪᠠᠶᠢᠭᠤᠯᠤᠯᠲᠠ ᠂ ᠰᠤᠷᠭᠠᠨ ᠬᠥᠮᠦᠵᠢᠯ ᠵᠢᠭᠠᠨ ᠰᠤᠷᠭᠠᠯᠲᠠ᠂ ᠠᠮᠤᠷ ᠲᠦᠪᠰᠢᠨ ᠤ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃
         ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠰᠢᠶᠠᠨ ᠤ ᠰᠤᠷᠭᠠᠨ ᠬᠥᠮᠦᠵᠢᠯ ᠤᠨ ᠬᠠᠤᠯᠢ ᠲᠣᠭᠲᠠᠭᠠᠯᠲᠠ ᠪᠠ ᠳᠠᠩᠰᠠᠯᠠᠵᠤ ᠬᠢᠨᠠᠨ ᠪᠠᠶᠢᠴᠠᠭᠠᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠲᠠᠢ ᠰᠤᠷᠭᠠᠨ ᠬᠥᠮᠦᠵᠢᠯ ᠤᠨ ᠪᠣᠳᠠᠲᠠᠢ ᠠᠵᠢᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃      
     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠰᠢᠶᠠᠨ ᠤ ᠰᠤᠷᠭᠠᠨ ᠬᠥᠮᠦᠵᠢᠯ ᠤᠨ ᠬᠠᠤᠯᠢ ᠲᠣᠭᠲᠠᠭᠠᠬᠤ ᠪᠠ ᠳᠠᠩᠰᠠᠯᠠᠵᠤ ᠬᠢᠨᠠᠨ ᠪᠠᠶᠢᠴᠠᠭᠠᠬᠤ ᠠᠵᠢᠯ ᠢ ᠭᠦᠢᠴᠡᠳ ᠨᠤᠲᠠᠯᠠᠬᠤ ᠶᠢᠨ ᠬᠠᠮᠲᠤ᠂ ᠲᠠᠪᠤᠨ ᠬᠥᠮᠦᠵᠢᠯ ᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠶᠢ ᠠᠩᠬᠠᠷᠴᠤ᠂ ᠪᠦᠬᠦ ᠲᠠᠯ᠎ᠠ ᠶᠢᠨ ᠬᠥᠭᠵᠢᠯᠲᠡ ᠶᠢ ᠴᠢᠬᠤᠯᠠᠴᠢᠯᠠᠵᠤ᠂ ᠰᠤᠷᠭᠠᠭᠤᠯᠢ᠂ ᠭᠡᠷ ᠪᠦᠯᠢ᠂ ᠨᠡᠶᠢᠭᠡᠮ ᠤᠨ ᠬᠦᠴᠦᠨ ᠢ ᠨᠡᠶᠢᠳᠬᠡᠵᠦ᠂ ᠬᠥᠳᠡᠯᠮᠦᠷᠢ ᠶᠢᠨ ᠬᠥᠮᠦᠵᠢᠯ ᠤᠨ ᠠᠭᠤᠯᠭ᠎ᠠ ᠪᠠ ᠠᠷᠭ᠎ᠠ ᠵᠠᠮ ᠢ ᠥᠷᠭᠡᠳᠬᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠰᠤᠷᠭᠠᠨ ᠬᠥᠮᠦᠵᠢᠯ ᠤᠨ ᠵᠢᠮ᠎ᠡ ᠶᠣᠰᠣ ᠶᠢ ᠵᠢᠷᠤᠮᠯᠠᠨ᠂ ᠠᠪᠢᠶᠠᠰ ᠲᠤᠨᠢ ᠲᠣᠬᠢᠷᠠᠭᠤᠯᠤᠨ ᠵᠢᠭᠠᠬᠤ ᠶᠢ ᠪᠠᠷᠢᠮᠲᠠᠯᠠᠵᠤ᠂ ᠰᠤᠷᠤᠭᠴᠢᠳ ᠤᠨ ᠪᠣᠳᠠᠲᠤ ᠪᠠᠶᠢᠳᠠᠯ᠂ ᠪᠣᠳᠠᠭᠠᠯᠢ ᠪᠡᠶ᠎ᠡ ᠶᠢᠨ ᠵᠥᠷᠢᠶ᠎ᠡ ᠶᠢ ᠬᠦᠨᠳᠦᠳᠬᠡᠵᠦ᠂ ᠬᠢᠷᠢ ᠲᠡᠩᠴᠡᠭᠰᠡᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠬᠡᠷᠡᠭᠲᠡᠶ᠃ ᠳᠠᠩᠰᠠᠯᠠᠭᠤᠯᠵᠤ ᠬᠢᠨᠠᠨ ᠪᠠᠶᠢᠴᠠᠭᠠᠬᠤ ᠠᠵᠢᠯ ᠤᠨ ᠲᠠᠯ᠎ᠠ ᠪᠠᠷ᠂ ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠠᠩᠰᠠᠯᠠᠵᠤ ᠬᠢᠨᠠᠨ ᠪᠠᠶᠢᠴᠠᠭᠠᠬᠤ ᠪᠣᠯ ᠦᠨᠳᠦᠰᠦᠨ ᠬᠠᠤᠯᠢ ᠬᠠᠤᠯᠢ ᠴᠠᠭᠠᠵᠠ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠣᠯᠭᠤᠭᠰᠠᠨ ᠴᠢᠬᠤᠯᠠ ᠡᠷᠬᠡ ᠲᠤᠰᠢᠶᠠᠯ ᠪᠣᠯᠤᠨ᠎ᠠ᠂ ᠦᠨᠳᠦᠰᠦᠨ ᠬᠠᠤᠯᠢ ᠬᠠᠤᠯᠢ ᠴᠠᠭᠠᠵᠠ ᠶᠢᠨ ᠬᠡᠷᠡᠭᠵᠢᠭᠦᠯᠦᠯᠲᠡ ᠶᠢ ᠪᠠᠲᠤᠯᠠᠬᠤ ᠂ ᠤᠯᠤᠰ ᠤᠨ ᠬᠠᠤᠯᠢ ᠲᠦᠷᠢᠮ ᠤᠨ ᠨᠢᠭᠡᠳᠦᠯᠲᠡᠢ ᠪᠠᠶᠢᠬᠤ ᠶᠢ ᠬᠠᠮᠠᠭᠠᠯᠠᠬᠤ᠂ ᠠᠷᠠᠳ ᠤᠯᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠴᠢᠬᠤᠯᠠ ᠲᠦᠷᠢᠮ ᠪᠣᠯᠤᠨ᠎ᠠ᠂ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠵᠢᠷᠤᠮᠵᠢᠯ ᠤᠨ ᠴᠢᠨᠠᠷᠲᠠᠢ ᠪᠢᠴᠢᠭ ᠮᠠᠲᠧᠷᠢᠶᠠᠯ ᠢ ᠳᠠᠩᠰᠠᠯᠠᠵᠤ ᠬᠢᠨᠠᠨ ᠪᠠᠶᠢᠴᠠᠭᠠᠬᠤ ᠠᠵᠢᠯ ᠤᠨ ᠶᠠᠰᠤ ᠴᠢᠨᠠᠷ ᠢ ᠳᠠᠰᠤᠷᠠᠯᠳᠠ ᠦᠬᠡᠢ ᠳᠡᠭᠡᠭᠰᠢᠯᠡᠭᠦᠯᠵᠦ᠂ ᠵᠢᠷᠤᠮᠵᠢᠯ ᠤᠨ ᠴᠢᠨᠠᠷᠲᠠᠢ ᠪᠢᠴᠢᠭ ᠮᠠᠲᠧᠷᠢᠶᠠᠯ ᠢ ᠳᠠᠩᠰᠠᠯᠠᠵᠤ ᠬᠢᠨᠠᠨ ᠪᠠᠶᠢᠴᠠᠭᠠᠬᠤ ᠠᠵᠢᠯ ᠢ ᠯᠠᠪᠳᠠᠭᠤᠨ ᠢᠶᠠᠷ ᠠᠬᠢᠭᠤᠯᠵᠤ᠂ ︽ᠪᠢᠴᠢᠭ ᠮᠠᠲᠧᠷᠢᠶᠠᠯ ᠢ ᠳᠠᠩᠰᠠᠯᠠᠵᠤ ᠬᠢᠨᠠᠨ ᠪᠠᠶᠢᠴᠠᠭᠠᠬᠤ ᠠᠵᠢᠯ ᠢ ᠯᠠᠪᠳᠠᠭᠤᠨ ᠢᠶᠠᠷ ᠠᠬᠢᠭᠤᠯᠵᠤ᠂ ᠪᠡᠯᠡᠳᠬᠡᠯ ᠪᠠᠶᠢᠪᠠᠯ ᠵᠠᠪᠠᠯ ᠬᠢᠨᠠᠬᠤ᠂ ᠪᠤᠷᠤᠭᠤ ᠪᠠᠶᠢᠪᠠᠯ ᠵᠠᠪᠠᠯ ᠵᠠᠯᠠᠷᠠᠭᠤᠯᠬᠤ︾ ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1