ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠶᠡᠬᠡᠪᠡᠷ ᠪᠤᠶᠢᠵᠢᠭᠤᠯᠤᠨ | ᠦᠢᠯᠡᠳᠦᠯᠭᠡᠵᠢᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠤᠢ ᠶᠢ ᠤᠭᠲᠤᠵᠤ᠂ | ᠮᠠᠨ ᠤ ᠰᠢᠶᠠᠨ ᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠰᠠᠶᠢᠨ ᠰᠠᠶᠢᠬᠠᠨ | ᠰᠣᠶᠣᠯ ᠢᠷᠭᠡᠨᠰᠢᠯ ᠤᠨ ᠣᠷᠴᠢᠨ ᠲᠣᠭᠤᠷᠢᠨ ᠢ ᠪᠤᠢ ᠪᠣᠯᠭᠠᠵᠤ᠂ ᠶᠣᠰᠣ ᠰᠤᠷᠲᠠᠬᠤᠨ ᠤ ᠵᠢᠱᠢᠶᠡᠴᠢ ᠶᠢᠨ ᠦᠯᠢᠭᠡᠷ | ᠳᠠᠭᠤᠷᠢᠶᠠᠯ ᠤᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ 6 ᠳ᠋ᠤᠭᠠᠷ ᠰᠠᠷ᠎ᠠ ᠶᠢᠨ 17 ᠤ | ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠰᠢᠶᠠᠨ ᠤ ᠰᠢᠨ᠎ᠡ | ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ︽ᠨᠠᠮ ᠤᠨ ᠦᠭᠡ ᠶᠢ ᠰᠣᠨᠣᠰᠴᠤ | ᠨᠠᠮ ᠤᠨ ᠠᠴᠢ ᠶᠢ ᠮᠡᠳᠡᠷᠡᠵᠦ ᠨᠠᠮ ᠢᠶᠠᠨ ᠳᠠᠭᠠᠬᠤ︾ ᠶᠣᠰᠣ ᠰᠤᠷᠲᠠᠬᠤᠨ ᠤ ᠵᠢᠱᠢᠶᠡᠴᠢ ᠶᠢᠨ ᠦᠨᠳᠦᠰᠦᠨ | ᠱᠠᠲᠤᠨ ᠤ ᠲᠣᠭᠤᠷᠢᠨ ᠲᠠᠶᠢᠯᠪᠤᠷᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠶᠠᠨ ᠤ ᠶᠣᠰᠣ | ᠰᠤᠷᠲᠠᠬᠤᠨ ᠤ ᠵᠢᠱᠢᠶᠡᠴᠢ ᠭᠤᠤ ᠶᠤᠸᠠᠢ ᠸᠧᠨ᠂ ᠬᠤ᠋ ᠢᠦᠢ ᠯᠢ᠂ ᠯᠦᠸᠧ ᠯᠢ ᠫᠢᠩ ᠨᠥᠬᠦᠷ ᠢ ᠤᠷᠢᠵᠤ ᠭᠦ᠋ | ᠴᠧᠩ ᠪᠠᠯᠭᠠᠰᠤᠨ ᠳᠤ ᠲᠣᠭᠤᠷᠢᠨ ᠬᠢᠴᠢᠶᠡᠯᠯᠡᠭᠦᠯᠵᠦ᠂ 40 ᠭᠠᠷᠤᠢ ᠬᠥᠮᠦᠨ ᠣᠷᠣᠯᠴᠠᠵᠠᠢ᠃ | ᠠᠵᠢᠯᠯᠠᠭ᠎ᠠ ᠶᠢᠨ ᠳᠤᠮᠳᠠ᠂ ᠠᠵᠢᠯ ᠦᠢᠯᠡᠰ ᠢᠶᠠᠨ ᠳᠡᠭᠡᠳᠦᠯᠡᠬᠦ ᠶᠣᠰᠣ ᠰᠤᠷᠲᠠᠬᠤᠨ ᠤ ᠵᠢᠱᠢᠶᠡᠴᠢ ᠭᠤᠤ | ᠶᠤᠸᠠᠢ ᠸᠧᠨ ᠨᠥᠬᠦᠷ ᠥᠪᠡᠷ ᠢᠶᠠᠨ ᠬᠥᠳᠡᠭᠡ ᠲᠣᠰᠬᠤᠨ ᠤ ᠡᠮᠴᠢ ᠪᠣᠯᠤᠭᠰᠠᠨ ᠤ ᠬᠤᠪᠢ ᠳᠤ᠂ ᠬᠡᠳᠦᠨ ᠠᠷᠪᠠᠨ | ᠵᠢᠯ ᠢ ᠨᠢᠭᠡ ᠡᠳᠦᠷ ᠮᠡᠲᠦ ᠪᠠᠷ ᠰᠢᠷᠭᠠᠭᠤ ᠬᠠᠲᠠᠭᠤᠵᠢᠯᠲᠠᠢ ᠠᠵᠢᠯᠯᠠᠵᠤ᠂ ᠠᠶᠢᠯ ᠡᠷᠦᠬᠡ ᠪᠠᠷ ᠶᠠᠪᠤᠵᠤ᠂ ᠦᠭᠡ | ᠳᠠᠭᠤᠨ ᠦᠭᠡᠢ ᠪᠠᠷ ᠬᠤᠪᠢ ᠨᠡᠮᠡᠷᠢ ᠦᠵᠡᠭᠦᠯᠵᠦ᠂ ᠡᠪᠡᠳᠴᠢᠲᠡᠨ ᠤ ᠡᠪᠡᠳᠴᠢᠨ ᠡᠮᠭᠡᠭ ᠢ ᠴᠠᠭ ᠲᠤᠬᠠᠢ ᠳᠤᠨᠢ | ᠠᠷᠢᠯᠭᠠᠭᠰᠠᠨ ᠦᠯᠢᠭᠡᠷ ᠢᠶᠠᠨ ᠶᠠᠷᠢᠵᠤ᠂ ᠬᠥᠳᠡᠭᠡ ᠲᠣᠰᠬᠤᠨ ᠤ ᠡᠮᠴᠢ ᠶᠢᠨ ᠪᠣᠳᠠᠲᠤ ᠠᠵᠢᠯᠯᠠᠭ᠎ᠠ ᠪᠠᠷ ᠢᠶᠠᠨ | ᠥᠪᠡᠷ ᠤᠨ ᠢᠲᠡᠭᠡᠯ ᠪᠢᠰᠢᠷᠡᠯ ᠪᠣᠯᠤᠨ ᠠᠮᠢᠳᠤᠷᠠᠬᠤᠢ ᠶᠢᠨ ᠦᠨ᠎ᠡ ᠦᠷᠳᠡᠭ ᠢᠶᠠᠨ ᠦᠢᠯᠡᠳᠦᠯᠭᠡᠵᠢᠭᠦᠯᠵᠦ᠂ ᠡᠭᠡᠯ | ᠵᠢᠷ ᠤᠨ ᠠᠵᠢᠯ ᠤᠨ ᠪᠠᠶᠢᠷᠢ ᠳᠡᠭᠡᠷ᠎ᠡ ᠰᠢᠨ᠎ᠡ ᠴᠠᠭ ᠦᠶ᠎ᠡ ᠶᠢᠨ ᠠᠶᠢᠯᠠᠳᠬᠠᠯ ᠤᠨ ᠬᠠᠭᠤᠳᠠᠰᠤ ᠶᠢ ᠪᠢᠴᠢᠭᠯᠡᠭᠰᠡᠨ | ᠪᠠᠶᠢᠨ᠎ᠠ᠃ | ᠨᠠᠰᠤᠲᠠᠨ ᠢᠶᠠᠨ ᠠᠴᠢᠯᠠᠵᠤ ᠲᠦᠷᠦᠯ ᠰᠠᠳᠤᠨ ᠢᠶᠠᠨ ᠬᠠᠶᠢᠷᠠᠯᠠᠬᠤ ᠶᠣᠰᠣ ᠰᠤᠷᠲᠠᠬᠤᠨ ᠤ ᠵᠢᠱᠢᠶᠡᠴᠢ ᠬᠤ᠋ | ᠢᠦᠢ ᠯᠢ ᠨᠥᠬᠦᠷ ᠥᠪᠡᠷ ᠤᠨ ᠰᠢᠷᠭᠠᠭᠤ ᠬᠠᠲᠠᠭᠤᠵᠢᠯᠲᠠᠢ ᠪᠠᠷ ᠬᠤᠶᠠᠷ ᠬᠦᠦ ᠪᠣᠯᠤᠨ ᠠᠴᠢ ᠥᠬᠢᠨ ᠢᠶᠠᠨ ᠥᠰᠬᠡᠨ | ᠪᠤᠶᠢᠵᠢᠭᠤᠯᠤᠭᠰᠠᠨ ᠳᠠᠭᠠᠨ ᠭᠤᠮᠣᠳᠠᠯ ᠢᠶᠠᠨ ᠲᠣᠭᠠᠴᠢᠬᠤ ᠦᠭᠡᠢ ᠪᠠᠶᠢᠵᠤ᠂ ᠤᠯᠠᠨ ᠤᠳᠠᠭᠠᠨ ᠤ ᠬᠦᠴᠢᠷ | ᠪᠡᠷᠬᠡᠰᠢᠶᠡᠯ ᠳᠤ ᠪᠠᠶᠠᠷᠯᠠᠩᠭᠤᠢ ᠪᠠᠷ ᠬᠠᠨᠳᠤᠵᠤ᠂ ᠠᠴᠢ ᠥᠬᠢᠨ ᠵᠠᠩ ᠯᠦ ᠶᠢ ᠬᠠᠮᠤᠭ ᠶᠡᠭᠡ ᠴᠢᠷᠮᠠᠶᠢᠯᠭ᠎ᠠ ᠪᠠᠷ ᠢᠶᠠᠨ | ᠬᠠᠷᠠᠭᠠᠯᠵᠠᠵᠤ᠂ ᠨᠢᠭᠡᠨ ︽ᠡᠵᠢ︾ ᠶᠢᠨ ᠬᠠᠷᠢᠭᠤᠴᠠᠯᠭ᠎ᠠ ᠶᠢ ᠡᠭᠦᠷᠭᠡᠯᠡᠭᠰᠡᠨ ᠰᠡᠳᠬᠢᠯ ᠬᠥᠳᠡᠯᠭᠡᠮ᠎ᠡ ᠦᠯᠢᠭᠡᠷ ᠢᠶᠠᠨ | ᠶᠠᠷᠢᠪᠠ᠃ | ᠨᠠᠰᠤᠲᠠᠨ ᠢᠶᠠᠨ ᠠᠴᠢᠯᠠᠵᠤ ᠲᠦᠷᠦᠯ ᠰᠠᠳᠤᠨ ᠢᠶᠠᠨ ᠬᠠᠶᠢᠷᠠᠯᠠᠬᠤ ᠶᠣᠰᠣ ᠰᠤᠷᠲᠠᠬᠤᠨ ᠤ ᠵᠢᠱᠢᠶᠡᠴᠢ ᠯᠦᠸᠧ | ᠯᠢ ᠫᠢᠩ ᠨᠥᠬᠦᠷ ᠭᠠᠨᠰᠦ ᠠᠴᠠ ᠲᠤᠭᠳᠠᠬᠤ ᠰᠢᠶᠠᠨ ᠤ ᠬᠠᠷ᠎ᠠ ᠪᠠᠶᠢᠰᠢᠩ ᠲᠣᠰᠬᠤᠨ ᠳᠤ ᠮᠣᠷᠳᠠᠵᠤ᠂ ᠬᠠᠳᠠᠮ ᠠᠪᠤ | ᠡᠵᠢ ᠪᠠᠨ ᠠᠴᠢᠯᠠᠵᠤ᠂ ᠤᠷᠳᠤ ᠬᠤᠭᠤᠴᠠᠭ᠎ᠠ ᠪᠠᠷ ᠬᠦᠨᠳᠦ ᠡᠪᠡᠳᠴᠢᠯᠡᠭᠡᠳ ᠣᠷᠣᠨ ᠠᠴᠠ ᠪᠠᠨ ᠪᠣᠰᠴᠤ ᠳᠡᠶᠢᠯᠬᠦ | ᠦᠭᠡᠢ ᠬᠠᠳᠠᠮ ᠠᠪᠤ ᠡᠵᠢ ᠪᠠᠨ ᠬᠠᠷᠠᠭᠠᠯᠵᠠᠵᠤ᠂ ᠬᠠᠳᠠᠮ ᠠᠪᠤ ᠨᠢ ᠨᠠᠰᠦ ᠪᠠᠷᠠᠭᠰᠠᠨ ᠤ ᠳᠠᠷᠠᠭ᠎ᠠ ᠦᠷᠭᠦᠯᠵᠢ ᠬᠠᠳᠠᠮ | ᠡᠵᠢ ᠳᠡᠭᠡᠨ ᠬᠠᠨᠢ ᠪᠤᠯᠵᠤ ᠪᠠᠶᠢᠭᠰᠠᠨ ᠦᠯᠢᠭᠡᠷ ᠢ ᠶᠠᠷᠢᠪᠠ᠃ ᠨᠢᠭᠡᠨ ᠰᠠᠢᠬᠠᠨ ᠰᠡᠳᠬᠢᠯ᠂ ᠦᠨᠡᠨᠴᠢ ᠰᠡᠳᠬᠢᠯ᠂ | ᠠᠵᠢᠯᠴᠢ ᠬᠥᠳᠡᠯᠮᠦᠷᠢᠴᠢ ᠬᠤᠶᠠᠷ ᠭᠠᠷ ᠢᠶᠠᠷ ᠢᠶᠠᠨ ᠬᠠᠢᠷᠠᠲᠤ ᠬᠥᠮᠦᠨ ᠲᠠᠢ ᠪᠠᠨ ᠬᠠᠮᠲᠤ ᠪᠠᠷ ᠬᠠᠷᠠᠩᠭᠤᠶ | ᠠᠮᠢᠳᠤᠷᠠᠯ ᠢ ᠬᠥᠭᠵᠢᠭᠡᠨ ᠪᠠᠳᠠᠷᠠᠭᠤᠯᠬᠤ ᠪᠠᠷ ᠴᠢᠷᠮᠠᠶᠢᠵᠦ ᠶᠠᠪᠤᠭ᠎ᠠ ᠰᠢᠨ᠎ᠡ ᠴᠠᠭ ᠦᠶ᠎ᠡ ᠶᠢᠨ ᠵᠢᠱᠢᠶᠡᠴᠢ ᠮᠦᠨ᠃ | ᠴᠠᠭ ᠦᠶ᠎ᠡ ᠶᠢᠨ ᠤᠷᠤᠭᠰᠢᠯᠠᠯᠲᠠ ᠳᠤ ᠡᠷᠡᠭᠦᠯ ᠥᠭᠡᠳᠡᠷᠬᠡᠭ ᠶᠣᠰᠣ ᠮᠣᠷᠠᠯ ᠬᠡᠪ ᠰᠤᠷᠲᠠᠯ ᠤᠨ | ᠵᠢᠯᠤᠭᠤᠳᠤᠯᠭ᠎ᠠ ᠱᠠᠭᠠᠷᠳᠠᠭᠳᠠᠨ᠎ᠠ᠂ ᠨᠡᠶᠢᠭᠡᠮ ᠤᠨ ᠬᠥᠭᠵᠢᠯᠲᠡ ᠳᠤ ᠶᠣᠰᠣ ᠮᠣᠷᠠᠯ ᠤᠨ ᠦᠯᠢᠭᠡᠷ ᠳᠠᠭᠤᠷᠢᠶᠠᠯ ᠤᠨ | ᠬᠦᠴᠦᠨ ᠤ ᠠᠬᠢᠭᠤᠯᠤᠯ ᠱᠠᠭᠠᠷᠳᠠᠭᠳᠠᠨ᠎ᠠ᠃ ᠲᠡᠳᠡᠨ ᠤ ᠪᠡᠶ᠎ᠡ ᠳᠡᠭᠡᠷ᠎ᠡ ᠳᠤᠮᠳᠠᠳᠤ ᠶᠢᠨ ᠦᠨᠳᠦᠰᠦᠲᠡᠨ ᠤ ᠰᠢᠯᠢᠳᠡᠭ | ᠵᠠᠩ ᠴᠢᠨᠠᠷ ᠢᠯᠡᠷᠡᠵᠦ᠂ ᠲᠣᠭᠲᠠᠬᠤ ᠰᠢᠶᠠᠨ ᠤ ᠠᠷᠠᠳ ᠲᠦᠮᠡᠨ ᠤ ᠪᠣᠷᠣᠭᠵᠢᠭᠤᠨ ᠴᠠᠶᠢᠯᠭᠠᠨ ᠣᠶᠤᠨ ᠰᠠᠨᠠᠭᠠᠨ ᠤ | ᠳᠦᠷᠰᠦ ᠪᠠᠶᠢᠳᠠᠯ ᠢ ᠲᠤᠰᠬᠠᠭᠰᠠᠨ ᠪᠠᠶᠢᠨ᠎ᠠ᠃ ᠲᠤᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠥᠷᠭᠡᠨ ᠤᠯᠠᠨ | ᠲᠦᠮᠡᠨ ᠤ ᠶᠣᠰᠣ ᠰᠤᠷᠲᠠᠬᠤᠨ ᠢ ᠡᠷᠬᠢᠮᠯᠡᠨ ᠪᠤᠶᠠᠨ ᠦᠢᠯᠡᠳᠬᠦ ᠶᠢ ᠬᠦᠳᠦᠯᠦᠨ ᠵᠢᠯᠣᠭᠤᠳᠴᠤ᠂ ᠨᠡᠶᠢᠭᠡᠮ ᠤᠨ | ᠢᠳᠡᠪᠬᠢ ᠬᠦᠴᠦᠨ ᠢ ᠪᠠᠳᠠᠷᠠᠭᠤᠯᠵᠤ᠂ ᠪᠦᠬᠦ ᠨᠡᠶᠢᠭᠡᠮ ᠤᠨ ᠶᠣᠰᠣ ᠰᠤᠷᠲᠠᠬᠤᠨ ᠤ ᠵᠢᠱᠢᠶᠡᠴᠢ ᠶᠢ ᠡᠷᠬᠢᠮᠯᠡᠬᠦ᠂ ᠶᠣᠰᠣ | ᠰᠤᠷᠲᠠᠬᠤᠨ ᠤ ᠵᠢᠱᠢᠶᠡᠴᠢ ᠶᠢ ᠬᠠᠶᠢᠷᠠᠯᠠᠬᠤ᠂ ᠶᠣᠰᠣ ᠰᠤᠷᠲᠠᠬᠤᠨ ᠤ ᠵᠢᠱᠢᠶᠡᠴᠢ ᠠᠴᠠ ᠰᠤᠷᠤᠯᠴᠠᠬᠤ᠂ ᠶᠣᠰᠣ | ᠰᠤᠷᠲᠠᠬᠤᠨ ᠤ ᠵᠢᠱᠢᠶᠡᠴᠢ ᠪᠣᠯᠬᠤ ᠪᠠᠷ ᠴᠢᠷᠮᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢ | ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤ ᠬᠦᠴᠦᠷᠬᠡᠭ | ᠶᠡᠭᠡ ᠤᠶᠤᠨ ᠰᠠᠨᠠᠭᠠᠨ ᠤ ᠬᠥᠳᠡᠯᠭᠡᠬᠦ ᠬᠦᠴᠦᠨ ᠪᠠ ᠶᠣᠰᠣ ᠰᠤᠷᠲᠠᠬᠤᠨ ᠤ ᠰᠢᠮ᠎ᠡ ᠲᠡᠵᠢᠭᠡᠯ ᠬᠠᠩᠭᠠᠵᠤ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠤᠢ ᠶᠢ ᠤᠭᠲᠤᠬᠤ ᠳᠤ ᠰᠠᠶᠢᠨ ᠰᠠᠶᠢᠬᠠᠨ | ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠪᠠ᠃ |