ᠲᠤᠭᠳᠠᠬᠤ ᠰᠢᠶᠠᠨ ᠤ ᠬᠠᠲᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ ︽ᠦᠨᠳᠦᠰᠦᠲᠡᠨ ᠨᠦᠭᠦᠳ ᠤᠨ ᠬᠥᠪᠡᠭᠦᠳ ᠥᠬᠢᠳ ᠨᠠᠮ ᠢᠶᠠᠨ ᠰᠡᠳᠬᠢᠯ ᠠᠴᠠ ᠪᠠᠨ ᠪᠢᠰᠢᠷᠡᠵᠦ ᠰᠢᠨ᠎ᠡ ᠴᠠᠭ ᠦᠶ᠎ᠡ ᠶᠢ ᠮᠠᠭᠲᠠᠨ ᠲᠠᠭᠤᠯᠠᠶ᠎ᠠ︾ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠠᠶᠠᠷᠯᠠᠨ ᠪᠡᠯᠭᠡᠯᠡᠬᠦ  ᠪᠥᠵᠢᠭ ᠤᠨ ᠤᠷᠤᠯᠳᠤᠭᠠᠨ ᠢ ᠡᠷᠬᠢ᠊
ᠨᠡᠶᠢᠲᠡᠯᠡᠭᠰᠡᠨ ᠴᠠᠭ᠄
2021/7/21
      ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠢᠨ ᠪᠠᠶᠠᠷ ᠳᠤᠷᠠᠰᠬᠠᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠬᠥᠳᠡᠭᠡ ᠲᠣᠰᠬᠤᠨ ᠤ ᠠᠷᠠᠳ ᠤᠯᠠᠨ ᠤ ᠰᠣᠶᠣᠯ ᠤᠨ ᠠᠮᠢᠳᠤᠷᠠᠯ ᠢ ᠬᠥᠭᠵᠢᠶᠡᠨᠲᠡᠢ ᠪᠣᠯᠭᠠᠵᠤ᠂ ᠰᠢᠨ᠎ᠡ ᠴᠠᠭ ᠦᠶ᠎ᠡ ᠶᠢᠨ ᠰᠢᠨ᠎ᠡ ᠬᠥᠳᠡᠭᠡ ᠲᠣᠰᠬᠤᠨ ᠤ ᠤᠶᠤᠨ ᠰᠠᠨᠠᠭᠠᠨ ᠤ ᠳᠦᠷᠰᠦ ᠪᠠᠶᠢᠳᠠᠯ ᠢ ᠳᠡᠯᠭᠡᠨ ᠦᠵᠡᠭᠦᠯᠵᠦ᠂ ᠤᠢᠢᠷ᠎ᠠ ᠶᠢᠨ ᠡᠳᠦᠷ᠂ ᠬᠠᠳᠤᠨ ᠭᠤᠣᠯ ᠤᠨ ᠨᠤᠭᠤ ᠭᠠᠵᠠᠷ  ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ ︽ᠦᠨᠳᠦᠰᠦᠲᠡᠨ ᠨᠦᠭᠦᠳ ᠤᠨ ᠬᠥᠪᠡᠭᠦᠳ ᠥᠬᠢᠳ ᠨᠠᠮ ᠢᠶᠠᠨ ᠰᠡᠳᠬᠢᠯ ᠠᠴᠠ ᠪᠠᠨ ᠪᠢᠰᠢᠷᠡᠵᠦ ᠰᠢᠨ᠎ᠡ ᠴᠠᠭ ᠦᠶ᠎ᠡ ᠶᠢ ᠮᠠᠭᠲᠠᠨ ᠲᠠᠭᠤᠯᠠᠶ᠎ᠠ︾ ᠬᠥᠳᠡᠭᠡ ᠲᠣᠰᠬᠤᠨ ᠤ ᠠᠭᠤᠳᠠᠮ ᠲᠠᠯᠠᠪᠠᠢ ᠶᠢᠨ ᠪᠥᠵᠢᠭ ᠤᠨ ᠤᠷᠤᠯᠳᠤᠭᠠᠨ ᠢ ᠡᠷᠬᠢᠯᠡᠵᠦ᠂ ᠲᠣᠭᠯᠠᠯᠲᠠ ᠳᠤ ᠣᠷᠣᠯᠴᠠᠭᠰᠠᠳ ᠣᠷᠭᠢᠯᠤᠮ᠎ᠠ ᠬᠠᠯᠠᠭᠤᠨ ᠰᠡᠳᠬᠢᠯᠭᠡ ᠪᠠᠷ ᠨᠠᠮ ᠳᠠᠭᠠᠨ ᠲᠠᠯᠠᠷᠬᠠᠬᠤ ᠰᠡᠳᠬᠢᠯ ᠪᠣᠯᠤᠨ ᠰᠠᠶᠢᠨ ᠰᠠᠶᠢᠬᠠᠨ ᠬᠦᠰᠡᠯ ᠵᠥᠩᠨᠡᠯ ᠢᠶᠠᠨ ᠢᠯᠡᠳᠬᠡᠵᠡᠢ᠃ ᠤᠷᠤᠯᠳᠤᠭᠠᠨ ᠳᠤ ᠣᠷᠣᠯᠴᠠᠭᠰᠠᠨ 17 ᠠᠩᠭᠢ᠂ 400 ᠭᠠᠷᠤᠶ ᠬᠥᠮᠦᠨ ᠲᠤᠰ ᠤᠳᠠᠭᠠᠨ ᠤ ᠬᠠᠮᠲᠤᠷᠠᠭᠰᠠᠨ ᠰᠣᠷᠢᠯᠲᠠ ᠶᠢᠨ ᠤᠷᠤᠯᠳᠤᠭᠠᠨ ᠳᠤ ᠣᠷᠣᠯᠴᠠᠪᠠ᠃      ᠬᠠᠲᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠥᠪ ᠤᠨ ᠬᠢᠨ ᠬᠥᠳᠡᠭᠡ ᠲᠣᠰᠬᠤᠨ ᠤ ᠠᠭᠤᠳᠠᠮ ᠲᠠᠯᠠᠪᠠᠢ ᠶᠢᠨ ᠪᠥᠵᠢᠭ ᠤᠨ ᠤᠷᠤᠯᠳᠤᠭᠠᠨ ᠤ ᠪᠡᠯᠭᠡᠯᠡᠬᠦ ᠬᠡᠯᠪᠡᠷᠢ ᠪᠠᠷ ᠨᠠᠮ ᠤᠨ ᠵᠠᠭᠤᠨ ᠵᠢᠯ ᠤᠨ ᠤᠢ ᠶᠢ ᠪᠡᠯᠭᠡᠯᠡᠬᠦ ᠶᠣᠰᠣᠯᠠᠯ ᠳᠤ ᠪᠡᠯᠡᠭ ᠬᠦᠷᠭᠡᠵᠦ᠂ ᠬᠠᠷᠢᠶᠠᠲᠤ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠨᠡᠩ ᠢᠲᠡᠭᠡᠯ ᠲᠠᠢ ᠲᠦᠷᠢ ᠪᠠᠶᠢᠳᠠᠯ᠂ ᠨᠡᠩ ᠴᠢᠷᠮᠠᠶᠢᠨ ᠲᠡᠮᠡᠴᠡᠬᠦ ᠵᠣᠷᠢᠭ ᠰᠠᠨᠠᠭ᠎ᠠ ᠪᠠᠷ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠠᠭᠤᠤ ᠶᠡᠭᠡ ᠦᠢᠯᠡᠳᠦᠯᠭᠡ ᠳᠤ ᠣᠷᠣᠯᠴᠠᠬᠤ ᠶᠢ ᠵᠣᠷᠢᠭᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠡᠭᠦᠳᠴᠡᠢ᠃      ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂  ᠾᠧ ᠺᠸᠤ ᠶᠢᠨ ᠠᠷᠠᠳ ᠤᠨ ᠵᠠᠩ ᠦᠢᠯᠡ ᠶᠢᠨ ᠣᠷᠳᠣᠨ ᠫᠠᠶᠢᠰᠠ ᠰᠡᠬᠦᠬᠦ ᠶᠣᠰᠣᠯᠠᠯ ᠶᠠᠪᠤᠭᠤᠯᠬᠤ ᠶᠢᠨ ᠬᠠᠮᠲᠤ ᠵᠢᠩᠬᠢᠨᠢ ᠪᠠᠷ ᠭᠠᠳᠠᠭᠰᠢ ᠨᠡᠭᠡᠭᠡᠯᠲᠡ ᠬᠢᠵᠡᠶ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1