ᠱᠤᠸᠠᠩ ᠾᠧ ᠪᠠᠯᠭᠠᠰᠤᠨ ᠤ ᠳ᠋ᠠ ᠶᠠᠩ ᠴᠠᠩ ᠲᠣᠰᠬᠤᠨ ᠳᠤ ᠠᠩᠬᠠᠳᠤᠭᠠᠷ ᠬᠤᠭᠤᠴᠠᠭᠠᠨ ᠤ ᠲᠠᠷᠪᠤᠰ ᠤᠨ ᠪᠠᠶᠠᠷ ᠡᠬᠢᠯᠡᠪᠡ
ᠨᠡᠶᠢᠲᠡᠯᠡᠭᠰᠡᠨ ᠴᠠᠭ᠄
2021/7/23
      7 ᠳ᠋ᠤᠭᠠᠷ ᠰᠠᠷ᠎ᠠ ᠶᠢᠨ 13 ᠤ ᠡᠳᠦᠷ᠂ ᠲᠠᠷᠪᠤᠰ ᠤᠨ ᠰᠢᠯᠭᠠᠷᠠᠭᠤᠯᠤᠯᠲᠠ ᠶᠢᠨ ᠥᠪᠡᠷᠮᠢᠴᠡ ᠣᠨᠴᠠᠯᠢᠭ ᠲᠠᠢ᠂ ᠰᠣᠨᠢᠷᠬᠠᠯ ᠲᠡᠭᠦᠯᠳᠡᠷ ᠤᠷᠤᠯᠳᠤᠭᠠᠨ ᠱᠤᠸᠠᠩ ᠾᠧ ᠪᠠᠯᠭᠠᠰᠤᠨ ᠤ ᠳ᠋ᠠ ᠶᠠᠩ ᠴᠠᠩ ᠲᠣᠰᠬᠤᠨ ᠳᠤ ᠡᠬᠢᠯᠡᠪᠡ᠃ ᠲᠤᠬᠠᠶ ᠶᠢᠨ ᠡᠳᠦᠷ᠂ ︽ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢ ᠬᠤᠪᠢᠶᠠᠯᠴᠠᠨ ᠡᠳ᠋ᠯᠡᠵᠦ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠶᠢ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠶ᠎ᠠ ︾ ᠭᠡᠬᠦ ᠭᠤᠤᠯ ᠰᠡᠳᠦᠪ ᠲᠠᠢ ᠳ᠋ᠠ ᠶᠠᠩ ᠴᠠᠩ ᠲᠣᠰᠬᠤᠨ ᠤ ᠠᠩᠬᠠᠳᠤᠭᠠᠷ ᠬᠤᠭᠤᠴᠠᠭᠠᠨ ᠤ ᠲᠠᠷᠪᠤᠰ ᠤᠨ ᠪᠠᠶᠠᠷ ᠡᠬᠢᠯᠡᠪᠡ᠃      ᠲᠤᠰ ᠠᠵᠢᠯᠯᠠᠭ᠎ᠠ ᠶᠢᠨ ᠳᠤᠮᠳᠠ᠂ ᠲᠣᠰᠬᠤᠨ ᠤ ᠠᠷᠠᠳ ᠥᠪᠡᠷ ᠤᠨ ᠰᠠᠶ᠋ᠢᠬᠠᠨ ᠲᠡᠭᠦᠭᠰᠡᠨ ᠲᠠᠷᠪᠤᠰ ᠢᠶᠠᠨ ᠠᠪᠴᠤ ᠲᠠᠷᠪᠤᠰ ᠤᠨ ᠰᠢᠯᠭᠠᠷᠠᠭᠤᠯᠤᠯᠲᠠ ᠶᠢᠨ ᠤᠷᠤᠯᠳᠤᠭᠠᠨ ᠳᠤ ᠣᠷᠣᠯᠴᠠᠵᠤ᠂ ᠡᠨᠡᠬᠦ ᠬᠡᠯᠪᠡᠷᠢ ᠪᠠᠷ ᠲᠠᠷᠪᠤᠰ ᠤᠨ ᠡᠯᠪᠡᠭ ᠬᠤᠷᠢᠶᠠᠯᠲᠠ ᠶᠢ ᠪᠡᠯᠭᠡᠯᠡᠬᠦ ᠶᠢᠨ ᠬᠠᠮᠲᠤ ᠲᠣᠰᠬᠤᠨ ᠤ ᠠᠷᠠᠳ ᠤᠨ ᠠᠮᠢᠳᠤᠷᠠᠯ ᠳᠤ ᠰᠠᠶᠢᠨ ᠰᠠᠶᠢᠬᠠᠨ ᠬᠦᠰᠡᠯ ᠵᠥᠩᠨᠡᠯ ᠳᠡᠪᠰᠢᠭᠦᠯᠵᠦ ᠪᠠᠶᠢᠬᠤ ᠪᠠᠨ ᠢᠯᠡᠳᠬᠡᠪᠡ᠃ ᠬᠠᠷᠠᠩᠭ᠎ᠠ ᠬᠡᠩᠭᠡᠷᠭᠡ᠂ ᠶᠠᠩᠭᠠᠷ᠂ ᠵᠡᠷᠭᠡ ᠤᠷᠠᠨ ᠰᠠᠶᠢᠬᠠᠨ ᠤ ᠲᠣᠭᠯᠠᠯᠲᠠ ᠵᠠᠯᠭᠠᠭ᠎ᠠ ᠵᠠᠯᠭᠠᠭ᠎ᠠ ᠪᠠᠷ ᠭᠠᠷᠴᠤ᠂ ᠣᠯᠠᠨ ᠢᠶᠠᠷ ᠢᠶᠠᠨ ᠪᠠᠶᠠᠷ ᠬᠦᠤᠷ ᠪᠢᠯᠬᠠᠮ᠎ᠠ ᠪᠠᠶᠢᠪᠠ᠃       ᠳ᠋ᠠ ᠶᠠᠩ ᠴᠠᠩ ᠲᠣᠰᠬᠤᠨ ᠤ ᠲᠠᠷᠪᠤᠰ ᠨᠢ ᠲᠣᠮᠣ᠂ ᠠᠷᠠᠰᠤ ᠨᠢ ᠨᠢᠮᠭᠡᠨ᠂ ᠠᠮᠲᠠ ᠨᠢ ᠰᠠᠶᠢᠨ᠂ ᠵᠠᠬ᠎ᠠ ᠳᠡᠯᠭᠡᠭᠦᠷ ᠲᠤ ᠭᠠᠷᠬᠤ ᠴᠠᠭ ᠨᠢ ᠡᠷᠲᠡ ᠪᠠᠶᠢᠳᠠᠭ᠂ ᠲᠡᠭᠦᠨ ᠤ ᠥᠪᠡᠷᠮᠢᠴᠡ ᠴᠢᠨᠠᠷ ᠴᠢᠨᠰᠠᠭ᠎ᠠ ᠨᠢ ᠣᠶᠢᠷ᠎ᠠ ᠶᠢᠨ ᠵᠢᠯ ᠤᠳ ᠲᠤ ᠠᠭᠠᠵᠢᠮ ᠢᠶᠠᠷ ᠨᠠᠷᠠᠲᠤ ᠲᠡᠮᠳᠡᠭ ᠲᠠᠢ ᠪᠣᠯᠵᠣ᠂ ᠵᠠᠬ᠎ᠠ ᠳᠡᠯᠭᠡᠭᠦᠷ ᠲᠤ ᠭᠠᠷᠴᠤ᠂ ᠲᠣᠮᠣ ᠳᠤᠮᠳᠠ ᠬᠤᠲᠠ ᠶᠢᠨ ᠬᠡᠲᠦ ᠳᠡᠯᠭᠡᠭᠦᠷ ᠲᠤ ᠣᠷᠣᠵᠤ᠂ ᠬᠥᠮᠦᠰ ᠤᠨ ᠠᠭᠠᠭᠢᠮ᠎ᠠ ᠬᠠᠯᠠᠭᠤᠨ ᠳᠤ ᠵᠣᠴᠢᠳ ᠢ ᠤᠭᠲᠤᠵᠤ ᠵᠣᠴᠢᠳ ᠢ ᠳᠠᠶᠢᠯᠠᠬᠤ ᠣᠬᠢ ᠪᠦᠲᠦᠭᠡᠭᠳᠡᠬᠦᠨ ᠪᠣᠯᠤᠭᠰᠠᠨ ᠪᠠᠶᠢᠨ᠎ᠠ᠃      ᠣᠶᠢᠷ᠎ᠠ ᠶᠢᠨ ᠵᠢᠯ ᠳᠤ᠂ ᠳ᠋ᠠ ᠶᠠᠩ ᠴᠠᠩ ᠲᠣᠰᠬᠤᠨ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠳᠤ ᠶᠡᠭᠡ ᠬᠦᠴᠦᠨ ᠢᠶᠠᠷ ᠲᠣᠬᠢᠷᠠᠭᠤᠯᠤᠯᠲᠠ ᠬᠢᠵᠦ᠂ ︽ᠪᠣᠬᠢᠷᠲᠤᠯ ᠥᠬᠡᠶ ᠪᠠᠷ ᠲᠠᠷᠢᠶᠠᠯᠠᠩ ᠢ ᠬᠥᠭᠵᠢᠭᠦᠯᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠲᠠᠷᠪᠤᠰ ᠤᠨ ᠠᠵᠤ ᠦᠢᠯᠡᠰ ᠢ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠤᠪᠢ ᠪᠠᠷ ᠬᠦᠴᠦᠲᠡᠶ ᠴᠣᠭᠴᠠᠯᠠᠨ ᠪᠠᠶᠢᠭᠤᠯᠵᠤ᠂ ᠲᠠᠷᠪᠤᠰ ᠤᠨ ᠲᠠᠷᠢᠮᠠᠯ ᠤᠨ ᠪᠠᠷᠢᠮᠵᠢᠶᠠᠵᠢᠭᠰᠠᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ ᠪᠦᠲᠦᠭᠡᠵᠦ᠂ ᠨᠢᠭᠡ ᠪᠦᠯᠦᠭ ᠪᠠᠶᠠᠵᠢᠯ ᠤᠨ ᠳᠠᠭᠠᠭᠤᠯᠤᠭᠴᠢ ᠪᠠ ᠲᠠᠷᠪᠤᠰ ᠤᠨ ᠲᠠᠷᠢᠮᠠᠯ ᠤᠨ ᠴᠢᠳᠠᠪᠤᠷᠢᠲᠠᠨ ᠴᠣᠯᠭᠤᠷᠠᠨ ᠭᠠᠷᠴᠤ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠰᠢᠨ᠎ᠡ ᠵᠠᠮ ᠢ ᠠᠯᠬᠤᠮ ᠠᠯᠬᠤᠮ ᠢᠶᠠᠷ ᠬᠠᠶᠢᠨ ᠰᠦᠪᠡᠭᠴᠢᠯᠡᠵᠦ ᠭᠠᠷᠭᠠᠪᠠ᠃      ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢᠦ ᠹᠸᠢ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1