ᠲᠣᠭᠲᠠᠬᠤ ᠰᠢᠶᠠᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/7/23
       7 ᠳ᠋ᠤᠭᠠᠷ ᠰᠠᠷ᠎ᠠ ᠶᠢᠨ 16 ᠤ ᠡᠳᠦᠷ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠬᠤ ᠶᠢᠨ ᠬᠤᠷᠢᠶ᠎ᠠ ᠶᠢᠨ ᠡᠷᠭᠢᠯᠡᠭᠴᠢ ᠰᠦᠨ ᠰᠢᠶᠦ᠋ᠨ ᠰᠢᠶᠠᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠬᠤ ᠶᠢᠨ ᠬᠤᠷᠢᠶ᠎ᠠ ᠶᠢᠨ ᠭᠤᠴᠢᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ  ᠃      ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠰᠢᠶᠠᠨ ᠤ ᠤᠳᠤᠷᠢᠳᠤᠯᠭ᠎ᠠ ᠭᠤᠤ ᠵᠧᠩ᠂ ᠯᠢᠦ ᡁᠢ ᠴᠢᠶᠠᠩ᠂ ᠰᠢᠶᠧ ᠴᠦᠨ ᠯᠦᠩ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠬᠠᠷᠢᠭᠤᠴᠠᠯᠭᠠᠲᠠᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠭᠡᠷ ᠪᠣᠯᠤᠨ ᠡᠯ᠎ᠡ ᠠᠵᠢᠯ ᠤᠨ ᠵᠥᠪᠯᠡᠯ ᠤᠨ ᠡᠷᠬᠢᠯᠡᠭᠴᠢ᠂ ᠳᠡᠳ᠋ ᠡᠷᠬᠢᠯᠡᠭᠴᠢ᠂ ᠵᠠᠰᠠᠭ ᠤᠨ ᠣᠷᠳᠣᠨ ᠤ ᠠᠯᠪᠠᠨ ᠭᠡᠷ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠬᠡᠰᠡᠭ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ ᠠᠵᠢᠯ ᠢ ᠶᠠᠪᠤᠭᠳᠠᠭᠤᠯᠪᠠ︔ ᠯᠢᠦ ᠵᠢᠶ ᠶᠢᠩ ᠨᠥᠬᠦᠷ ᠤᠨ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠢᠨ ᠲᠤᠰᠢᠶᠠᠯ ᠠᠴᠠ ᠪᠠᠭᠤᠬᠤ᠂ ᠱᠢ ᠯᠢ ᠵᠢᠶᠦ᠋ᠨ ᠨᠥᠬᠦᠷ ᠤᠨ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠶᠢᠨ ᠲᠤᠰᠢᠶᠠᠯ ᠠᠴᠠ ᠪᠠᠭᠤᠬᠤ᠂ ᠮᠢᠶᠣᠣ ᠡᠯ ᠵᠢᠶᠦ᠋ᠨ ᠨᠥᠬᠦᠷ ᠤᠨ ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠢᠷᠭᠡᠨ ᠤ ᠬᠡᠷᠡᠭ ᠤᠨ ᠰᠢᠭᠦᠨ ᠲᠠᠰᠤᠯᠬᠤ ᠲᠢᠩᠬᠢᠮ ᠤᠨ ᠳᠡᠳ᠋ ᠳᠠᠷᠤᠭ᠎ᠠ ᠶᠢᠨ ᠲᠤᠰᠢᠶᠠᠯ ᠠᠴᠠ ᠪᠠᠭᠤᠬᠤ ᠶᠢ ᠬᠦᠯᠢᠶᠡᠨ ᠠᠪᠴᠠᠶ᠃ ᠭᠤᠤ ᠵᠧᠩ ᠨᠥᠬᠦᠷ ᠢ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ᠂ ᠣᠷᠣᠯᠠᠭᠴᠢ ᠰᠢᠶᠠᠨ ᠤ ᠳᠠᠷᠤᠭ᠎ᠠ ᠪᠠᠷ ᠲᠣᠮᠢᠯᠠᠵᠤ᠂ ᠰᠢᠶᠧ ᠴᠦᠨ ᠯᠦᠩ ᠨᠥᠬᠦᠷ ᠢ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠪᠠᠷ ᠲᠣᠮᠢᠯᠠᠪᠠ᠃      ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠦᠰ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠭᠰᠠᠨ ᠪᠥᠭᠡᠳ ᠦᠨᠳᠦᠰᠦᠨ ᠬᠠᠤᠯᠢ ᠳᠤ ᠲᠠᠩᠭᠠᠷᠢᠭᠯᠠᠪᠠ᠃      ᠰᠦᠨ ᠰᠢᠶᠦ᠋ᠨ ᠨᠦᠬᠦᠷ᠄ ᠰᠢᠨ᠎ᠡ ᠪᠠᠷ ᠲᠤᠰᠢᠶᠠᠯ ᠳᠤ ᠲᠣᠮᠢᠯᠠᠭᠰᠠᠨ ᠨᠥᠬᠦᠳ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ᠂ ᠰᠢᠶᠠᠨ ᠤ ᠵᠠᠰᠠᠭ ᠤᠨ ᠣᠷᠳᠣᠨ ᠤ ᠨᠢᠭᠡ ᠪᠠᠭ ᠬᠥᠮᠦᠰ ᠢᠶᠠᠨ ᠳᠠᠭᠠᠭᠤᠯᠤᠨ ᠪᠦᠬᠦ ᠰᠢᠶᠠᠨ ᠤ ᠠᠷᠠᠳ ᠲᠦᠮᠡᠨ ᠢ ᠴᠢᠩᠭ᠎ᠠ ᠲᠦᠰᠢᠭᠯᠡᠵᠦ᠂ ᠦᠨᠡᠨ ᠬᠦ ᠠᠳᠬᠤᠨ ᠪᠣᠳᠠᠲᠠᠶ ᠪᠠᠷ ᠠᠵᠢᠯᠯᠠᠵᠤ᠂ ᠨᠡᠭᠡᠭᠡᠨ ᠤᠷᠤᠭᠰᠢᠯᠠᠵᠤ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠢ ᠦᠷᠭᠦᠯᠵᠢᠯᠡᠨ ᠰᠢᠨ᠎ᠡ ᠳᠡᠭᠲᠡᠷ ᠲᠤ ᠭᠠᠷᠭᠠᠵᠤ᠂ ᠮᠠᠨ ᠤ ᠰᠢᠶᠠᠨ ᠤ ᠡᠯ᠎ᠡ ᠵᠦᠢᠯ ᠤᠨ ᠠᠵᠢᠯ ᠦᠢᠯᠡᠰ ᠢ ᠰᠢᠨ᠎ᠡ ᠰᠢᠪᠲᠤᠯᠤᠯᠲᠠ᠂ ᠰᠢᠨ᠎ᠡ ᠬᠥᠭᠵᠢᠯᠲᠡ ᠲᠠᠢ ᠪᠣᠯᠭᠠᠬᠤ ᠶᠢ ᠬᠦᠰᠡᠵᠦ ᠪᠠᠶᠢᠨ᠎ᠠ ᠭᠡᠵᠡᠢ᠃ᠲᠣᠭᠲᠠᠬᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠩᠭᠤ ᠶᠢᠨ ᠬᠤᠷᠢᠶᠠᠨ ᠤ ᠲᠣᠭᠲᠠᠭᠠᠭᠰᠠᠨ ᠲᠣᠮᠢᠯᠠᠬᠤ ᠪᠠᠭᠤᠯᠭᠠᠬᠤ ᠨᠡᠷᠡᠰ      ︵2021 ᠣᠨ ᠤ 7 ᠳ᠋ᠤᠭᠠᠷ ᠰᠠᠷ᠎ᠠ ᠶᠢᠨ 16 ᠤ ᠡᠳᠦᠷ ᠲᠣᠭᠲᠠᠬᠤ ᠰᠢᠶᠠᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠳᠤᠭᠠᠷ ᠬᠤᠷᠠᠯᠳᠤᠭᠠᠨ ᠠᠴᠠ ᠪᠠᠲᠤᠯᠠᠪᠠ︶    ᠲᠤᠰᠢᠶᠠᠯ ᠳᠤ ᠲᠣᠮᠢᠯᠠᠬᠤ ᠪᠠᠷ  ᠲᠤᠭᠳᠠᠭᠰᠠᠨ᠄      ᠭᠤᠤ ᠵᠧᠩ ᠨᠥᠬᠦᠷ ᠪᠣᠯ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠣᠷᠣᠯᠠᠭᠴᠢ ᠰᠢᠶᠠᠨ ᠤ ᠳᠠᠷᠤᠭ᠎ᠠ︔      ᠰᠢᠶᠧ ᠴᠦᠨ ᠯᠦᠩ ᠨᠥᠬᠦᠷ ᠢ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠷ ᠲᠣᠮᠢᠯᠠᠪᠠ᠃      ᠬᠠᠰᠤᠬᠤ ᠪᠠᠷ ᠲᠤᠭᠳᠠᠭᠰᠠᠨ᠄      ᠱᠢ ᠯᠢ ᠵᠢᠶᠦ᠋ᠨ ᠨᠥᠬᠦᠷ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠲᠤᠰᠢᠶᠠᠯ ᠠᠴᠠ ᠬᠠᠰᠤᠨ᠎ᠠ᠃                        ᠣᠨᠴᠠᠭᠠᠶᠢᠯᠠᠨ ᠵᠠᠷᠯᠠᠪᠠ      ᠲᠣᠭᠲᠠᠬᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ                                2021 ᠣᠨ ᠤ 7  ᠳ᠋ᠤᠭᠠᠷ ᠰᠠᠷ᠎ᠠ ᠶᠢᠨ 16  ᠤ ᠡᠳᠦᠷ       ᠲᠣᠭᠲᠠᠬᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ       ᠪᠠᠶᠢᠩᠭᠤ ᠶᠢᠨ ᠬᠤᠷᠢᠶᠠᠨ ᠤ ᠲᠤᠰᠢᠶᠠᠯ ᠠᠴᠠ ᠪᠠᠭᠤᠯᠭᠠᠬᠤ ᠨᠡᠷᠡᠰ      ︵2021 ᠣᠨ ᠤ 7 ᠳ᠋ᠤᠭᠠᠷ ᠰᠠᠷ᠎ᠠ ᠶᠢᠨ 16 ᠤ ᠡᠳᠦᠷ ᠲᠣᠭᠲᠠᠬᠤ ᠰᠢᠶᠠᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠳᠤᠭᠠᠷ ᠬᠤᠷᠠᠯᠳᠤᠭᠠᠨ ᠠᠴᠠ ᠪᠠᠲᠤᠯᠠᠪᠠ︶      ᠮᠢᠶᠣᠣ ᠡᠯ ᠵᠢᠶᠦ᠋ᠨ ᠨᠥᠬᠦᠷ ᠤᠨ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠢᠷᠭᠡᠨ ᠤ ᠬᠡᠷᠡᠭ ᠢ ᠰᠢᠭᠦᠨ ᠲᠠᠰᠤᠯᠬᠤ ᠲᠢᠩᠬᠢᠮ ᠤᠨ ᠳᠡᠳ᠋ ᠳᠠᠷᠤᠭ᠎ᠠ ᠶᠢᠨ ᠲᠤᠰᠢᠶᠠᠯ ᠢ ᠬᠠᠰᠤᠨ᠎ᠠ᠃                   ᠣᠨᠴᠠᠭᠠᠶᠢᠯᠠᠨ ᠵᠠᠷᠯᠠᠪᠠ         ᠲᠣᠭᠲᠠᠬᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ                                2021 ᠣᠨ ᠤ 7 ᠳ᠋ᠤᠭᠠᠷ ᠰᠠᠷ᠎ᠠ ᠶᠢᠨ 16 ᠤ ᠡᠳᠦᠷ    
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1