ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ  ᠵᠡᠷᠭᠡᠪᠡᠷ ᠬᠡᠷᠡᠭᠯᠡᠨ ᠬᠢᠵᠢᠭ ᠤᠨ ᠰᠡᠷᠭᠡᠶᠢᠯᠡᠯᠲᠡ ᠠᠵᠢᠯ ᠢ ᠯᠠᠪᠳᠠᠭᠤᠨ ᠪᠠᠲᠤᠲᠠᠶ ᠪᠠᠷ ᠪᠣᠶ ᠪᠣᠯᠭᠠᠪᠠ
ᠨᠡᠶᠢᠲᠡᠯᠡᠭᠰᠡᠨ ᠴᠠᠭ᠄
2021/8/10
      ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠬᠦᠨᠳᠦ ᠬᠡᠴᠡᠭᠦᠦ ᠪᠠᠶᠢᠳᠠᠯ ᠳᠤ ᠴᠢᠭᠯᠡᠭᠦᠯᠦᠨ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠳᠲᠡᠷ ᠲᠦᠷᠭᠡᠨ ᠴᠤᠤᠷᠢᠶᠠᠲᠤᠨ ᠳᠠᠭᠠᠵᠤ᠂ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠣᠳᠣᠬᠠᠨ ᠤ ᠬᠠᠮᠤᠭ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ︽ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠬᠠᠷᠢᠯᠴᠠᠨ ᠬᠠᠮᠵᠢᠯᠴᠠᠬᠤ᠂ ᠬᠠᠤᠯᠢ ᠴᠠᠭᠠᠵᠠ ᠶᠢ ᠲᠦᠭᠡᠮᠡᠯᠵᠢᠭᠦᠯᠦᠨ ᠤᠬᠠᠭᠤᠯᠬᠤ᠂ ᠰᠡᠷᠭᠡᠶᠢᠯᠡᠯᠲᠡ ᠶᠢᠨ ᠱᠤᠭᠤᠮ ᠢ ᠬᠠᠮᠲᠤᠪᠠᠷ ᠪᠠᠶᠢᠭᠤᠯᠬᠤ︾ ᠵᠠᠷᠴᠢᠮ ᠶᠣᠰᠣᠭᠠᠷ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠠᠮᠤᠷ ᠲᠦᠪᠰᠢᠨ ᠢ ᠦᠨᠡᠨᠬᠦ ᠪᠠᠲᠤᠯᠠᠪᠠ᠃          ᠬᠤᠷᠠᠯ ᠬᠤᠷᠠᠯᠳᠤᠭᠤᠯᠪᠠ      8 ᠳ᠋ᠤᠭᠠᠷ ᠰᠠᠷ᠎ᠠ ᠶᠢᠨ 8 ᠤ ᠡᠳᠦᠷ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠰᠡᠳᠦᠪᠲᠦ ᠬᠤᠷᠠᠯ ᠢ ᠳᠠᠬᠢᠨᠲᠠ ᠬᠤᠷᠠᠯᠳᠤᠭᠤᠯᠵᠤ᠂ ᠳᠡᠭᠡᠳᠦ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠣᠷᠢᠭ ᠰᠠᠨᠠᠭ᠎ᠠ ᠶᠢ ᠤᠯᠠᠮᠵᠢᠯᠠᠨ᠂ ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠪᠠᠶᠢᠷᠢᠯᠠᠭᠤᠯᠤᠯᠲᠠ ᠬᠢᠵᠦ᠂ ᠪᠥᠬᠦ ᠲᠠᠯ᠎ᠠ ᠪᠠᠷ ᠬᠥᠮᠦᠰ ᠢ ᠵᠤᠬᠢᠶᠠᠨ ᠪᠠᠶᠢᠭᠤᠯᠵᠦ᠂ ᠬᠡᠰᠡᠭ ᠲᠣᠭᠤᠷᠢᠭ ᠬᠤᠪᠢᠶᠠᠨ ᠳᠤᠭᠤᠶᠢᠯᠠᠩ ᠬᠤᠪᠢᠶᠠᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠬᠢᠵᠦ᠂ ᠬᠠᠷᠢᠭᠤᠴᠠᠯᠭ᠎ᠠ ᠶᠢ ᠬᠥᠮᠦᠨ ᠳᠤᠨᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ᠃ ᠲᠤᠰ ᠲᠣᠪᠴᠢᠶᠠᠨ ᠤ ᠤᠳᠤᠷᠢᠳᠬᠤ ᠪᠠᠭ᠂ ᠡᠯ᠎ᠡ ᠵᠠᠩᠭᠢᠯᠠᠭ᠎ᠠ ᠶᠢᠨ ᠺᠠᠳ᠋ᠷ ᠬᠤᠷᠠᠯ ᠳᠤ ᠣᠷᠣᠯᠴᠠᠪᠠ᠃             ᠪᠠᠶᠢᠴᠠᠭᠠᠯᠲᠠ ᠬᠢᠬᠦ      ᠬᠤᠷᠠᠯ ᠤᠨ ᠳᠠᠷᠠᠭ᠎ᠠ᠂ ᠲᠣᠰ ᠲᠣᠪᠴᠢᠶ᠎ᠠ ᠲᠡᠷᠡ ᠳᠠᠷᠤᠶ ᠳᠤᠨᠢ ᠬᠠᠤᠯᠢ ᠬᠡᠷᠡᠭᠵᠢᠭᠦᠯᠬᠦ ᠠᠵᠢᠯᠲᠠᠨ ᠢ ᠵᠣᠬᠢᠶᠠᠨ ᠪᠠᠶᠢᠭᠤᠯᠵᠤ ᠬᠤᠭᠤᠯᠠᠨ ᠬᠡᠷ᠂ ᠬᠡᠲᠦ ᠳᠡᠯᠭᠡᠭᠦᠷ᠂ ᠬᠤᠪᠴᠠᠰᠤᠨ ᠤ ᠳᠡᠯᠭᠡᠭᠦᠷ ᠵᠡᠷᠭᠡ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠳᠡᠯᠭᠡᠭᠦᠷ ᠲᠤ ᠣᠷᠣᠵᠤ ᠳᠤᠯᠠᠭᠠᠨ ᠤ ᠬᠡᠮᠵᠢᠶ᠎ᠡ ᠶᠢ ᠬᠡᠮᠵᠢᠭᠰᠡᠨ ᠡᠰᠡᠬᠦ᠂ ᠪᠠᠺᠲ᠋ᠧᠷᠢ ᠠᠷᠢᠭᠤᠳᠬᠠᠵᠤ ᠠᠯᠠᠭᠰᠠᠨ ᠡᠰᠡᠬᠦ᠂ ᠠᠵᠢᠯᠯᠠᠵᠤ ᠪᠠᠶᠢᠭ᠎ᠠ ᠬᠥᠮᠦᠰ ᠤᠨ ᠥᠷᠯᠥᠭᠡ ᠶᠢᠨ ᠪᠠᠶᠢᠴᠠᠭᠠᠯᠲᠠ ᠬᠢᠭᠰᠡᠨ ᠡᠰᠡᠬᠦ ᠪᠠ ᠲᠡᠮᠳᠡᠭᠯᠡᠯ ᠬᠢᠭᠰᠡᠨ ᠡᠰᠡᠬᠦ ᠶᠢ ᠪᠠᠶᠢᠴᠠᠭᠠᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ  ᠲᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠭᠰᠠᠨ ᠪᠠᠶᠢᠨ᠎ᠠ᠃ ᠲᠤᠬᠠᠶ ᠶᠢᠨ ᠡᠳᠦᠷ ᠲᠤ ᠨᠡᠶᠢᠲᠡ 1165 ᠬᠤᠳᠠᠯᠳᠤᠭᠠᠨ ᠤ ᠲᠡᠯᠭᠡᠭᠦᠷ ᠶᠢ ᠪᠠᠶᠢᠴᠠᠭᠠᠵᠤ᠂ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠢ ᠨᠢᠭᠡᠨᠲᠡ ᠬᠤᠳᠠᠯᠳᠤᠭᠠᠨ ᠤ ᠲᠡᠯᠭᠡᠭᠦᠷ ᠶᠢ ᠳᠠᠷᠤᠶ ᠲᠦᠷᠭᠡᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃      ᠤᠬᠠᠭᠤᠯᠭ᠎ᠠ ᠶᠢᠨ ᠤᠷᠢᠶᠠᠯᠠᠭ᠎ᠠ      ᠲᠣᠰ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ 45 ᠵᠠᠯᠠᠭᠤ ᠰᠠᠶᠢᠨ ᠳᠤᠷ᠎ᠠ ᠶᠢᠨ ᠠᠵᠢᠯᠯᠠᠭᠴᠢ ᠲᠠᠢ ᠬᠠᠮᠲᠤᠷᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠠᠵᠢᠯ ᠥᠷᠨᠢᠭᠦᠯᠵᠦ ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ︽ᠠᠮᠠᠪᠴᠢ ᠵᠡᠭᠦᠵᠦ᠂ ᠺᠣᠳ᠋ ᠰᠢᠷᠪᠢᠵᠦ ᠪᠡᠶ᠎ᠡ ᠶᠢᠨ ᠳᠤᠯᠠᠭᠠᠨ ᠤ ᠬᠡᠮᠵᠢᠶ᠎ᠡ ᠶᠢ ᠪᠠᠶᠢᠴᠠᠭᠠᠬᠤ︾ ᠤᠬᠠᠭᠤᠯᠭ᠎ᠠ ᠶᠢᠨ ᠵᠠᠷᠯᠠᠯ ᠨᠠᠭᠠᠵᠤ᠂ ᠬᠡᠷᠡᠭᠯᠡᠭᠴᠢᠳ ᠢ ᠳᠠᠭᠠᠭᠤᠯᠤᠨ ᠠᠮᠠᠪᠴᠢ ᠵᠡᠭᠦᠯᠭᠡᠵᠦ᠂ ᠰᠠᠨᠠᠭᠠᠴᠢᠯᠠᠭ᠎ᠠ ᠠᠴᠠ ᠪᠠᠨ ᠪᠡᠶ᠎ᠡ ᠶᠢᠨ ᠳᠤᠯᠠᠭᠠᠨ ᠢ ᠬᠡᠮᠵᠢᠬᠦ ᠶᠢᠨ ᠬᠠᠮᠲᠤ ᠺᠣᠳ᠋ ᠰᠢᠷᠪᠢᠵᠦ᠂ ᠲᠣᠰ ᠡᠳᠦᠷ ᠲᠤ ᠨᠡᠶᠢᠲᠡ 2013 ᠬᠤᠪᠢ ᠵᠠᠷᠯᠠᠯ ᠨᠠᠭᠠᠵᠠᠶ᠃ ᠡᠭᠦᠨ ᠤ ᠵᠡᠷᠭᠡ ᠳᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠤᠬᠠᠭᠤᠯᠭ᠎ᠠ ᠥᠷᠨᠢᠭᠦᠯᠵᠦ᠂ ᠤᠬᠠᠭᠤᠯᠭ᠎ᠠ ᠶᠢᠨ ᠡᠯᠭᠦᠭᠡ ᠪᠢᠴᠢᠭᠡᠰᠦ ᠵᠣᠬᠢᠶᠠᠬᠤ ᠵᠡᠷᠭᠡ ᠬᠡᠯᠪᠡᠷᠢ ᠪᠠᠷ ᠬᠡᠷᠡᠭᠯᠡᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠯᠭᠡᠬᠦ ᠬᠡᠷᠡᠭᠲᠡᠶ ᠭᠡᠵᠦ ᠱᠠᠭᠠᠷᠳᠠᠪᠠ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1