ᠦᠱᠧᠨ ᠪᠠᠯᠭᠠᠰᠤᠨ ᠤ ᠪᠠᠶᠢᠭᠤᠯᠤᠯᠭ᠎ᠠ ᠶᠢᠨ ᠨᠠᠮ ᠤᠨ ᠡᠭᠦᠷ ︽ᠬᠤᠭ ᠬᠠᠶᠠᠭᠳᠠᠮᠠᠯ ᠬᠤᠭ ᠡᠪᠡᠰᠦ ᠶᠢ ᠴᠡᠪᠡᠷᠯᠡᠵᠦ᠂ ᠦᠵᠡᠰᠬᠦᠯᠡᠩᠲᠦ ᠰᠠᠶᠢᠬᠠᠨ ᠬᠡᠷ ᠣᠷᠣᠨ ᠢᠶᠠᠨ ᠬᠠᠮᠲᠤ ᠪᠠᠷ ᠪᠥᠲᠥᠭᠡᠨ ᠪᠠᠶᠢᠭᠤᠯᠤᠶ᠎ᠠ︾ ᠭᠡᠬᠦ ᠭᠤᠤᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/8/12
      ᠨᠠᠮ ᠤᠨ ᠪᠠᠶᠢᠭᠤᠯᠤᠯᠲᠠ ᠶᠢᠨ ᠠᠴᠢᠶᠠᠯᠠᠪᠤᠷᠢ ᠶᠢᠨ ᠠᠵᠢᠯᠯᠠᠭ᠎ᠠ ᠶᠢᠨ ᠲᠠᠰᠤᠷᠠᠯᠲᠠ ᠦᠭᠡᠶ ᠰᠢᠨ᠎ᠡ ᠡᠭᠦᠳᠴᠦ  ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠪᠠᠳᠠᠷᠠᠭᠤᠯᠵᠤ᠂ ᠥᠷᠭᠡᠨ ᠣᠯᠠᠨ ᠪᠠᠶᠢᠭᠤᠯᠤᠯᠭ᠎ᠠ ᠶᠢᠨ ᠨᠠᠮ ᠤᠨ ᠭᠡᠰᠢᠭᠦᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ︽ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ︾ ᠵᠣᠷᠢᠯᠲᠠ ᠶᠢᠨ ᠤᠬᠠᠮᠰᠠᠷ ᠢ ᠪᠤᠶ ᠪᠣᠯᠭᠠᠵᠤ᠂ ᠨᠠᠮ ᠤᠨ ᠭᠡᠰᠢᠭᠦᠨ ᠰᠠᠶᠢᠨ ᠳᠤᠷ᠎ᠠ ᠶᠢᠨ ᠠᠵᠢᠯᠯᠠᠭᠴᠢ ᠶᠢᠨ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠶᠢᠨ ᠲᠦᠯᠦᠭᠡ᠂ ᠦᠱᠧᠨ ᠪᠠᠯᠭᠠᠰᠤᠨ ᠤ ᠪᠠᠶᠢᠭᠤᠯᠤᠯᠭ᠎ᠠ ᠶᠢᠨ ᠨᠠᠮ ᠤᠨ ᠡᠭᠦᠷ ᠨᠠᠮ ᠤᠨ ᠲᠡᠦᠬᠡ ᠶᠢ ᠰᠤᠷᠤᠯᠴᠠᠬᠤ ᠬᠥᠮᠦᠵᠢᠯ ᠤᠨ ᠠᠵᠢᠯᠯᠠᠭ᠎ᠠ ᠶᠢᠨ ᠱᠠᠭᠠᠷᠳᠠᠯᠭ᠎ᠠ ᠲᠠᠢ ᠤᠶᠠᠯᠳᠤᠭᠤᠯᠵᠤ᠂ ᠤᠢᠢᠷ᠎ᠠ ᠶᠢᠨ ᠡᠳᠦᠷ᠂ ᠪᠦᠬᠦ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠨ ᠨᠠᠶᠢᠵᠢ ᠲᠣᠰᠬᠤᠨ ᠳᠤ ᠬᠦᠷᠴᠦ ︽ᠬᠤᠭ ᠬᠠᠶᠠᠭᠳᠠᠮᠠᠯ ᠬᠤᠭ ᠡᠪᠡᠰᠦ ᠶᠢ ᠴᠡᠪᠡᠷᠯᠡᠵᠦ᠂ ᠦᠵᠡᠰᠬᠦᠯᠡᠩᠲᠦ ᠰᠠᠶᠢᠬᠠᠨ ᠭᠡᠷ ᠣᠷᠣᠨ ᠢ ᠬᠠᠮᠲᠤᠪᠠᠷ ᠪᠦᠳᠦᠬᠡᠨ ᠪᠠᠶᠢᠭᠤᠯᠤᠶ᠎ᠠ︾ ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠶᠢ ᠥᠷᠨᠢᠭᠦᠯᠵᠡᠢ᠃     ᠴᠡᠪᠡᠷᠯᠡᠯᠭᠡ ᠶᠢᠨ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠯᠠᠨ ᠢᠶᠠᠷ ᠢᠶᠠᠨ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠬᠤᠪᠴᠠᠰᠤ ᠡᠮᠦᠰᠴᠦ᠂ ᠣᠷᠭᠢᠯᠤᠮ᠎ᠠ ᠬᠠᠯᠠᠭᠤᠨ ᠰᠡᠳᠬᠢᠯᠭᠡ ᠪᠢᠯᠬᠠᠮ᠎ᠠ ᠠᠭᠤᠷ ᠠᠮᠢᠰᠬᠤᠯ ᠤᠨ ᠠᠭᠠᠭᠢᠮ᠎ᠠ ᠬᠠᠯᠠᠭᠤᠨ ᠢ ᠬᠠᠶᠢᠬᠤᠷᠤᠯ ᠦᠭᠡᠢ ᠪᠠᠷ ᠲᠣᠰᠬᠤᠨ ᠤ ᠳᠣᠲᠣᠷᠠᠬᠢ ᠨᠠᠭᠤᠷ ᠴᠥᠭᠦᠷᠥᠮ ᠤᠨ ᠡᠷᠬᠢᠨ ᠲᠣᠭᠤᠷᠢᠨ ᠤ ᠪᠤᠵᠠᠷ ᠡᠪᠡᠰᠦ ᠵᠢᠴᠢ ᠪᠤᠰᠤᠳ ᠬᠤᠭ ᠨᠣᠪᠰᠢ ᠶᠢ ᠨᠠᠷᠢᠨ ᠬᠢᠨᠠᠮᠠᠭᠠᠢ ᠴᠡᠪᠡᠷᠯᠡᠪᠡ᠃ ᠨᠠᠮ ᠤᠨ ᠭᠡᠰᠢᠭᠦᠳ ᠬᠦᠴᠢᠷ ᠠᠴᠠ ᠠᠶᠤᠬᠤ ᠦᠭᠡᠢ᠂ ᠶᠠᠳᠠᠷᠠᠵᠤ ᠵᠦᠳᠡᠷᠡᠬᠦ ᠠᠴᠠ ᠠᠶᠤᠬᠤ ᠦᠭᠡᠢ᠂ ᠪᠤᠵᠠᠷ ᠪᠤᠷᠲᠠᠭ ᠠᠴᠠ ᠠᠶᠤᠬᠤ ᠦᠭᠡᠢ ᠪᠠᠷ ᠴᠤᠭ ᠪᠠᠳᠠᠷᠠᠩᠭᠤᠶ ᠤᠶᠤᠨ ᠰᠠᠨᠠᠭᠠᠨ ᠤ ᠪᠠᠶᠢᠳᠠᠯ ᠢᠶᠠᠨ ᠢᠯᠡᠷᠡᠭᠦᠯᠵᠡᠶ᠃ ᠡᠯ᠎ᠡ ᠲᠦᠷᠦᠯ ᠤᠨ ᠬᠤᠭ ᠨᠣᠪᠰᠢ ᠶᠢ ᠨᠡᠶᠢᠳᠡ 40 ᠭᠠᠷᠤᠢ ᠤᠭᠤᠲᠠ ᠴᠡᠪᠡᠷᠯᠡᠵᠦ᠂ ᠨᠠᠭᠤᠷ ᠴᠥᠭᠦᠷᠥᠮ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠢ ᠴᠣ᠋ ᠰᠢᠨ᠎ᠡ ᠪᠠᠶᠢᠳᠠᠯ ᠲᠠᠢ ᠪᠣᠯᠭᠠᠪᠠ᠃      ᠲᠣᠰ ᠤᠳᠠᠭᠠᠨ ᠤ ᠴᠡᠪᠡᠷᠯᠡᠨ ᠠᠷᠢᠯᠭᠠᠬᠤ ᠠᠵᠢᠯᠯᠠᠭ᠎ᠠ ᠶᠢ ᠪᠠᠯᠭᠠᠰᠤᠨ ᠤ ᠤᠳᠤᠷᠢᠳᠬᠤ ᠺᠠᠳ᠋ᠷᠴᠤᠳ ᠲᠦᠷᠦᠭᠦᠯᠡᠨ ᠵᠣᠬᠢᠶᠠᠨ ᠪᠠᠶᠢᠭᠤᠯᠵᠤ᠂ ᠪᠣᠳᠠᠲᠤ ᠠᠵᠢᠯᠯᠠᠭ᠎ᠠ ᠪᠠ ᠬᠦᠴᠦ ᠬᠥᠯᠥᠰᠥ ᠪᠠᠷ ᠢᠶᠠᠨ ᠲᠦᠷᠦᠭᠦᠯᠡᠨ ᠵᠢᠱᠢᠶ᠎ᠡ ᠦᠵᠡᠭᠦᠯᠬᠦ ᠦᠢᠯᠡᠳᠦᠯ ᠢᠶᠠᠨ  ᠪᠠᠳᠠᠷᠠᠭᠤᠯᠪᠠ᠃ ᠪᠦᠬᠦ ᠨᠠᠮ ᠤᠨ ᠭᠡᠰᠢᠭᠦᠨ᠂ ᠺᠠᠳ᠋ᠷᠴᠤᠳ ᠢᠳᠡᠪᠬᠢᠲᠡᠶ ᠣᠷᠣᠯᠴᠠᠭᠰᠠᠨ ᠨᠢ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠢ ᠴᠢᠩᠭᠠᠷᠠᠭᠤᠯᠵᠤ᠂ ᠨᠠᠮ ᠤᠨ ᠭᠡᠰᠢᠭᠦᠨ ᠤ ᠬᠠᠳᠠᠭᠤᠵᠢᠯᠳᠠᠢ ᠲᠡᠮᠡᠴᠡᠬᠦ ᠪᠠ ᠬᠠᠳᠠᠨ ᠵᠣᠷᠢᠭ ᠢ ᠳᠠᠪᠲᠠᠨ ᠪᠣᠯᠪᠠᠰᠤᠷᠠᠭᠤᠯᠤᠭᠰᠠᠨ ᠢᠶᠠᠷ ᠪᠠᠷᠠᠬᠤ ᠦᠭᠡᠢ ᠂ ᠨᠡᠩ ᠴᠢᠬᠤᠯᠠ ᠨᠢ ᠡᠭᠦᠨ ᠢᠶᠠᠷ ᠲᠤᠬᠠᠶ ᠶᠢᠨ ᠭᠠᠵᠠᠷ ᠤᠨ ᠭᠠᠴᠠᠭᠠᠨ ᠤ ᠠᠷᠠᠳ ᠢ ᠲᠠᠶᠢᠴᠢᠯᠠᠨ ᠤᠬᠠᠮᠰᠠᠷ ᠠᠴᠠ ᠪᠠᠨ ᠭᠠᠷ ᠬᠥᠳᠡᠯᠵᠦ᠂ ᠣᠷᠴᠢᠨ ᠠᠬᠤᠶ ᠶᠢ ᠴᠡᠭᠴᠡᠯᠡᠨ ᠵᠠᠰᠠᠵᠤ᠂ ᠭᠡᠷ ᠣᠷᠣᠨ ᠢᠶᠠᠨ ᠴᠡᠪᠡᠷᠯᠡᠵᠦ᠂ ᠭᠠᠴᠠᠭᠠᠨ ᠤ ᠠᠷᠠᠳ ᠤᠨ ᠡᠷᠡᠭᠦᠯ ᠬᠠᠮᠠᠭᠠᠯᠠᠯ ᠤᠨ ᠤᠬᠠᠮᠰᠠᠷ᠂ ᠪᠣᠯᠪᠠᠰᠤᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠣᠷᠴᠢᠨ ᠠᠬᠤᠶ ᠶᠢᠨ ᠡᠷᠡᠭᠦᠯ ᠬᠠᠮᠠᠭᠠᠯᠠᠯ ᠤᠨ ᠳᠦᠷᠰᠦ ᠪᠠᠶᠢᠳᠠᠯ ᠢ ᠰᠠᠶᠢᠵᠢᠷᠠᠭᠤᠯᠵᠤ᠂ ᠪᠣᠯᠪᠠᠰᠤᠨ ᠪᠥᠭᠡᠳ ᠡᠷᠡᠭᠦᠯ ᠰᠠᠷᠠᠭᠤᠯ ᠣᠷᠣᠰᠢᠨ ᠰᠠᠭᠤᠬᠤ ᠣᠷᠴᠢᠨ ᠨᠥᠬᠦᠴᠡᠯ ᠢ ᠪᠤᠢ ᠪᠣᠯᠭᠠᠭᠰᠠᠨ ᠪᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1