ᠲᠤᠭᠳᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ 2021 ᠣᠨ ᠤ 14 ᠳ᠋ᠤᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠪᠠ 17 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/8/12
      8 ᠳ᠋ᠤᠭᠠᠷ ᠰᠠᠷ᠎ᠠ ᠶᠢᠨ 9 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠰᠢᠶᠠᠨ ᠤ ᠳᠠᠷᠤᠭ᠎ᠠ ᠭᠤᠤ ᠵᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ 2021 ᠣᠨ ᠤ 14 ᠳ᠋ᠤᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠶᠢᠰᠦᠳᠦᠭᠡᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠪᠠ 17 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠳᠡᠭᠡᠷ᠎ᠡ ᠶᠡᠷᠦᠩᠬᠡᠶ ᠱᠦᠵᠢ ᠰᠢ ᠶᠢᠨ ᠫᠢᠩ ᠲᠥᠪᠡᠳ ᠲᠤ ᠠᠵᠢᠯ ᠪᠠᠶᠢᠴᠠᠭᠠᠬᠤ ᠳᠠᠭᠠᠨ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠤᠴᠢᠨ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ 7 ᠳ᠋ᠤᠭᠠᠷ ᠰᠠᠷ᠎ᠠ ᠶᠢᠨ 30 ᠤ ᠡᠳᠦᠷ ᠤᠨ ᠬᠤᠷᠠᠯ ᠤᠨ ᠵᠣᠷᠢᠭ ᠰᠠᠨᠠᠭ᠎ᠠ᠂ ᠪᠥᠬᠦ ᠣᠷᠣᠨ ᠤ ᠬᠤᠤᠰ ᠨᠡᠭᠦᠷᠡᠰᠦᠲᠥ᠋ᠷᠥᠭᠴᠢᠲᠦ ᠠᠬᠤᠶ ᠪᠠᠶᠢᠳᠠᠯ ᠳᠣᠤᠷᠠᠬᠢ ᠰᠢᠨ᠎ᠡ ᠡᠨᠧᠷᠭᠢ ᠶᠢᠨ ᠪᠥᠲᠥᠭᠡᠨ ᠪᠠᠶᠢᠭᠤᠯᠤᠯᠲᠠ ᠬᠢᠭᠡᠳ ᠠᠵᠤ ᠦᠢᠯᠡᠰ ᠤᠨ ᠬᠥᠭᠵᠢᠯᠲᠡ ᠶᠢᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠳ᠋ᠠ ᠾᠸᠢ ᠾᠧ ᠭᠤᠣᠯ ᠤᠨ ᠲᠤᠭᠳᠠᠬᠤ ᠰᠢᠶᠠᠨ ᠤ ᠬᠡᠰᠡᠭ ᠤᠨ ᠬᠥᠮᠦᠨ ᠤ ᠬᠦᠴᠦᠨ ᠤ ᠨᠤᠭᠤ ᠭᠠᠵᠠᠷ ᠢ ᠵᠠᠰᠠᠬᠤ ᠢᠨᠵᠧᠨᠧᠷᠢᠩ᠂ ︽ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠥᠷᠭᠡᠨ ᠤᠯᠠᠨ ᠺᠠᠳ᠋ᠷ ᠤᠨ ᠰᠢᠨ᠎ᠡ ᠴᠠᠭ ᠦᠶ᠎ᠡ ᠳᠤ ᠰᠢᠨ᠎ᠡ ᠡᠭᠦᠷᠭᠡᠯᠡᠯ ᠲᠠᠢ ᠰᠢᠨ᠎ᠡ ᠵᠢᠳᠬᠦᠯ ᠴᠢᠷᠮᠠᠶᠢᠯᠭ᠎ᠠ ᠲᠠᠢ ᠪᠠᠶᠢᠬᠤ ᠶᠢ ᠵᠣᠷᠢᠭᠵᠢᠭᠤᠯᠬᠤ ᠭᠤᠣᠯᠳᠠᠯᠭ᠎ᠠ ᠲᠠᠢ ᠠᠵᠢᠯ︾ ᠤᠨ ᠭᠠᠷᠠᠭ ᠤᠨ ᠳᠤᠬᠢᠷᠠᠭᠤᠯᠭ᠎ᠠ᠂ ᠰᠠᠷ᠎ᠠ ᠶᠢᠨ ᠵᠠᠷᠯᠠᠯ᠂ ᠤᠯᠠᠷᠢᠯ ᠤᠨ ᠱᠠᠩᠨᠠᠯ᠂ ᠵᠢᠯ ᠤᠨ ᠬᠥᠬᠢᠭᠦᠯᠦᠯ ᠤᠨ ︽ᠲᠣᠭᠲᠠᠴᠠ ᠶᠢ ᠪᠠᠶᠢᠭᠤᠯᠬᠤ ᠲᠤᠬᠠᠢ ᠮᠡᠳᠡᠭᠳᠡᠯ︾ ᠵᠡᠷᠭᠡ ᠬᠠᠮᠢᠶ᠎ᠠ ᠪᠦᠬᠦᠢ ᠶᠠᠪᠤᠳᠠᠯ ᠢ ᠰᠤᠳᠤᠯᠤᠨ ᠶᠠᠷᠢᠯᠴᠠᠪᠠ᠃ ᠪᠦᠬᠦ ᠰᠢᠶᠠᠨ ᠤ ᠰᠣᠶᠣᠯ ᠵᠤᠭᠠᠴᠠᠯ᠂ ᠠᠶᠤᠯᠭᠦᠢ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠢᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃
         ᠬᠤᠷᠠᠯ ᠠᠴᠠ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠢ  ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠲᠥᠪᠡᠳ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠡᠷᠡᠰ ᠪᠠᠲᠤ ᠪᠤᠢ ᠪᠣᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠵᠢᠯᠣᠭᠤᠳᠴᠤ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠶ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ᠂ ᠤᠯᠠᠨ ᠲᠦᠮᠡᠨ ᠤ ᠨᠡᠶᠢᠳᠡᠮ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠨᠡᠶᠢᠭᠡᠮ ᠤᠨ ᠳᠠᠭᠠᠳᠬᠠᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠬᠡᠦᠬᠡᠳ ᠢ ᠠᠰᠠᠷᠠᠬᠤ᠂ ᠣᠷᠣᠨ ᠰᠠᠭᠤᠴᠠ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠮᠠᠨ ᠤ ᠰᠢᠶᠠᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠢ ᠨᠡᠩ ᠰᠠᠶᠢᠨ ᠪᠣᠯᠭᠠᠵᠤ᠂ ᠵᠣᠯ ᠵᠢᠷᠭᠠᠯᠲᠤ ᠲᠦᠷᠦᠭᠳᠡᠯ ᠢ ᠨᠡᠩ ᠦᠷᠭᠦᠯᠵᠢᠯᠡᠭᠦᠯᠵᠦ᠂ ᠠᠮᠤᠷ ᠲᠦᠪᠰᠢᠨ ᠤ ᠲᠦᠷᠦᠭᠳᠡᠯ ᠢ ᠨᠡᠩ ᠪᠠᠲᠤᠯᠠᠭ᠎ᠠ ᠲᠠᠢ ᠪᠣᠯᠭᠠᠨ᠎ᠠ ᠭᠡᠵᠦ ᠴᠢᠬᠤᠯᠠᠴᠢᠯᠠᠪᠠ᠃      ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠨᠠᠮ ᠤᠨ ᠲᠥᠪ ᠬᠤᠷᠢᠶᠠᠨ ᠤ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠲᠤᠬᠠᠢ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ ᠂ ︽ᠬᠤᠣᠰ ᠨᠡᠭᠦᠷᠡᠰᠦᠲᠥ᠋ᠷᠥᠭᠴᠢ︾ ᠶᠢᠨ ᠠᠬᠤᠢ ᠪᠠᠶᠢᠳᠠᠯ ᠳᠣᠣᠷ᠎ᠠ ᠰᠢᠨ᠎ᠡ ᠡᠨᠧᠷᠭᠢ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠵᠠᠷᠴᠢᠮ ᠱᠠᠭᠠᠷᠳᠠᠯᠭ᠎ᠠ ᠶᠢ ᠪᠠᠲᠤ ᠡᠵᠡᠮᠳᠡᠵᠦ᠂ ᠠᠮᠢ ᠠᠬᠤᠢ ᠣᠷᠴᠢᠨ ᠲᠣᠭᠤᠷᠢᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠬᠤ᠂ ᠣᠶᠤᠨᠴᠢ ᠪᠠᠷ ᠠᠬᠢᠭᠤᠯᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠠᠬᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠪᠡᠯᠭᠡᠯᠡᠬᠦ ᠠᠵᠢᠯᠯᠠᠭ᠎ᠠ ᠶᠢᠨ ᠣᠷᠭᠢᠯᠤᠮ᠎ᠠ ᠬᠠᠯᠠᠭᠤᠨ ᠰᠡᠳᠬᠢᠯᠭᠡ ᠶᠢ ᠨᠢ ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠤ ᠶᠠᠪᠤᠳᠠᠯ ᠬᠢᠬᠦ᠂ ᠰᠢᠨ᠎ᠡ ᠪᠠᠶᠢᠳᠠᠯ ᠢ ᠨᠡᠭᠡᠭᠡᠬᠦ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠳᠣᠣᠷ᠎ᠠ ᠬᠠᠭᠠᠰ ᠵᠢᠯ ᠤᠨ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠬᠤ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠬᠡᠷᠡᠭᠲᠡᠢ᠃ ᠬᠠᠲᠤᠨ ᠭᠤᠤᠯ ᠤᠨ ︽几︾ ᠥᠰᠥᠭ ᠤᠨ ᠰᠣᠶᠣᠯ ᠤᠨ ᠵᠢᠭᠤᠯᠴᠢᠯᠠᠯ ᠤᠨ ᠵᠠᠩ ᠦᠢᠯᠡ ᠶᠢᠨ ᠪᠦᠰᠡ ᠶᠢᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠰᠦᠪᠡᠭᠴᠢᠯᠡᠵᠦ᠂ ᠰᠠᠨᠠᠭᠠᠴᠢᠯᠠᠭ᠎ᠠ ᠠᠴᠠ ᠪᠠᠨ ᠠᠭᠤᠰᠤᠯᠴᠠᠭᠤᠯᠤᠨ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠪᠠᠷ ᠶᠡᠷᠦᠩᠬᠡᠶ ᠵᠢᠯᠣᠭᠤᠳᠣᠯᠭ᠎ᠠ ᠪᠣᠯᠭᠠᠵᠤ᠂ ᠣᠷᠣᠨ ᠤ ᠲᠥᠪ ᠤᠨ ᠡᠮᠦᠨᠡᠲᠦ ᠬᠡᠰᠡᠭ ᠤᠨ ᠬᠠᠲᠤᠨ ᠭᠤᠤᠯ ᠤᠨ ᠦᠵᠡᠮᠵᠢ ᠶᠢᠨ ᠰᠣᠶᠣᠯ ᠤᠨ ᠵᠢᠭᠤᠯᠴᠢᠯᠠᠯ ᠤᠨ ᠣᠷᠣᠨ ᠢ ᠬᠦᠴᠦᠯᠡᠨ ᠪᠠᠶᠢᠭᠤᠯᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠠᠭᠤᠷᠠᠢ ᠭᠤᠭᠴᠤᠭ᠎ᠠ ᠶᠢ ᠴᠢᠩᠭ᠎ᠠ ᠠᠳᠬᠤᠵᠤ᠂ ᠭᠡᠮ ᠰᠣᠭᠤᠭ ᠢ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠠᠷᠢᠶ᠎ᠠ ᠣᠷᠣᠨ ᠤ ᠬᠠᠮᠢᠶᠠᠷᠤᠯᠲᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠤᠯᠲᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠨᠠᠭᠰᠢᠳᠠ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠶᠠᠷᠢᠯᠴᠠᠪᠠ᠃      ᠰᠢᠶᠠᠨ ᠤ ᠤᠳᠤᠷᠢᠳᠤᠯᠭ᠎ᠠ ᠯᠢᠦ ᡁᠢ ᠴᠢᠶᠠᠩ᠂ ᠭᠤᠤ ᠬᠠᠨ᠂ ᠶᠠᠩ ᠶᠢᠨ᠂ ᠷᠧᠨ ᠷᠦᠢ᠂ ᠶᠦᠨ ᠵᠢᠶᠠᠨ ᠵᠥᠩ᠂ ᠵᠠᠩ ᠵᠧᠨ ᠬᠠᠶ᠂  ᠰᠢᠶᠧ ᠴᠦᠨ ᠯᠦᠩ᠂ ᠡᠯ᠎ᠡ ᠪᠠᠯᠭᠠᠰᠤ᠂ ᠬᠠᠲᠤᠨ ᠭᠤᠤᠯ ᠤᠨ ᠨᠤᠭᠤ ᠭᠠᠵᠠᠷ ᠢ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1