ᠲᠣᠭᠲᠠᠬᠤ ᠰᠢᠶᠠᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠭᠤᠴᠢᠨ ᠨᠢᠭᠡᠳᠦᠭᠡᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/8/13
      8 ᠳ᠋ᠤᠭᠠᠷ ᠰᠠᠷ᠎ᠠ ᠶᠢᠨ 10 ᠤ ᠡᠳᠦᠷ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠰᠢᠶᠦ᠋ᠨ ᠰᠢᠶᠠᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢᠨ ᠨᠢᠭᠡᠳᠦᠭᠡᠷ ᠤᠳᠠᠭᠠᠨ ᠤ ᠬᠤᠷᠠᠯ ᠬᠤᠷᠠᠯᠳᠤᠭᠤᠯᠪᠠ᠃      ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠨᠡᠢᠲᠡ 19 ᠬᠥᠮᠦᠨ ᠬᠤᠷᠠᠯ ᠳᠤ ᠣᠷᠣᠯᠴᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠯᠢᠦ ᡁᠢ ᠴᠢᠶᠠᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠭᠤᠣ ᠬᠠᠨ᠂ ᠰᠢᠶᠠᠨ ᠤ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ ᠠᠵᠢᠯ ᠢ ᠶᠠᠪᠤᠭᠳᠠᠭᠤᠯᠪᠠ︔ ᠯᠢᠦ ᠰᠢᠶᠤᠤ ᠳ᠋ᠦᠩ ᠨᠥᠬᠦᠷ ᠤᠨ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠰᠢᠭᠦᠨ ᠲᠠᠰᠤᠯᠬᠤ ᠺᠣᠮᠢᠰ ᠤᠨ ᠭᠡᠰᠢᠭᠦᠨ ᠢ ᠬᠠᠰᠤᠨ᠎ᠠ︔ ᠯᠢᠦ ᠪᠢᠨ ᠨᠥᠬᠦᠷ ᠢ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠰᠢᠭᠦᠨ ᠲᠠᠰᠤᠯᠬᠤ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ᠂ ᠰᠢᠭᠦᠨ ᠲᠠᠰᠤᠯᠬᠤ ᠺᠣᠮᠢᠰ ᠤᠨ ᠭᠡᠰᠢᠭᠦᠨ ᠢᠶᠠᠷ ᠲᠣᠮᠢᠯᠠᠪᠠ᠃ ᠰᠢᠶᠠᠨ ᠤ ᠠᠷᠠᠳ ᠤᠨ ᠵᠠᠰᠠᠭ ᠤᠨ ᠣᠷᠳᠣᠨ ᠤ 2021 ᠣᠨ ᠤ 1 — 6 ᠳ᠋ᠤᠭᠠᠷ ᠰᠠᠷ᠎ᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ᠂ 2020 ᠣᠨ ᠤ ᠡᠳ᠋ ᠤᠨ ᠵᠠᠰᠠᠭ ᠤᠨ ᠲᠥᠰᠦᠪ ᠤᠨ  ᠭᠦᠢᠴᠡᠳᠭᠡᠯ ᠪᠠ 2021 ᠣᠨ ᠤ 1 — 6 ᠳ᠋ᠤᠭᠠᠷ ᠰᠠᠷ᠎ᠠ ᠶᠢᠨ ᠡᠳ᠋ ᠤᠨ ᠵᠠᠰᠠᠭ ᠤᠨ ᠲᠥᠰᠦᠪ ᠢ ᠭᠦᠢᠴᠡᠳᠭᠡᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ᠂ 2020 ᠣᠨ ᠤ ᠡᠳ᠋ ᠤᠨ ᠵᠠᠰᠠᠭ ᠤᠨ ᠲᠥᠰᠦᠪ ᠵᠢᠴᠢ ᠪᠤᠰᠤᠳ ᠡᠳ᠋ ᠤᠨ ᠵᠠᠰᠠᠭ ᠤᠨ ᠣᠷᠣᠯᠭ᠎ᠠ ᠶᠢᠨ ᠪᠠᠶᠢᠳᠠᠯ ᠤᠨ ᠲᠤᠬᠠᠶ ᠬᠢᠨᠠᠨ ᠪᠤᠳᠤᠯᠲᠠ ᠶᠢᠨ ᠠᠵᠢᠯ ᠤᠨ ᠮᠡᠳᠡᠭᠦᠯᠦᠯᠲᠡ ᠪᠠ ᠬᠢᠨᠠᠨ ᠪᠤᠳᠤᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠪᠡ︔ ᠲᠣᠭᠲᠠᠬᠤ ᠰᠢᠶᠠᠨ ᠤ 2020 ᠣᠨ ᠤ ᠡᠳ᠋ ᠤᠨ ᠵᠠᠰᠠᠭ ᠤᠨ ᠲᠥᠰᠦᠪ ᠤᠨ ᠭᠦᠢᠴᠡᠳᠬᠡᠯ ᠤᠨ ᠲᠤᠬᠠᠢ ᠰᠢᠢᠳᠪᠦᠷᠢ ᠶᠢ ᠪᠠᠲᠤᠯᠠᠭᠰᠠᠨ ᠪᠥᠭᠡᠳ ᠮᠡᠳᠡᠭᠦᠯᠦᠯᠲᠡ ᠳᠤ ᠬᠠᠨᠤᠮᠵᠢ ᠶᠢᠨ ᠬᠡᠮᠵᠢᠶ᠎ᠡ ᠶᠢᠨ ᠦᠨᠡᠯᠡᠯᠲᠡ ᠬᠢᠵᠡᠢ᠃
 
ᠢᠷᠡᠯᠲᠡ᠄ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1