ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠬᠤᠶᠠᠳᠤᠭᠠᠷ ᠤᠳᠠᠭ᠎ᠠ ᠶᠢᠨ ᠬᠤᠷᠠᠯ ᠵᠢᠴᠢ ᠰᠢᠶᠠᠨ ᠤ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ 13 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/8/13
      8 ᠳ᠋ᠤᠭᠠᠷ ᠰᠠᠷ᠎ᠠ ᠶᠢᠨ 10 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠬᠤᠶᠠᠳᠤᠭᠠᠷ ᠤᠳᠠᠭᠠᠨ ᠤ ᠬᠤᠷᠠᠯ ᠵᠢᠴᠢ ᠰᠢᠶᠠᠨ ᠤ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ 13 ᠳ᠋ᠤᠭᠠᠷ ᠤᠳᠠᠭᠠᠨ ᠤ ᠬᠤᠷᠠᠯ ᠬᠤᠷᠠᠯᠳᠤᠪᠠ᠃ ᠰᠢᠶᠠᠨ ᠤ ᠨᠠᠮ ᠤᠨ ᠬᠤᠷᠢᠶ᠎ᠠ ᠶᠢᠨ ᠱᠦᠵᠢ᠂ ᠰᠢᠶᠠᠨ ᠤ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢ ᠴᠦᠨ ᠶᠠᠨ ᠬᠤᠷᠠᠯ ᠡᠷᠭᠢᠯᠡᠪᠡ᠃
     ᠬᠤᠷᠠᠯ ᠠᠴᠠ ᠪᠦᠬᠦ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠤᠳᠠᠰᠦᠳᠦ ᠬᠤᠷᠠᠯ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠱᠠᠯᠠᠪᠳᠠᠭᠤᠯᠤᠨ ᠪᠠᠶᠢᠴᠠᠭᠠᠬᠤ ᠲᠠᠰᠤᠭ ᠤᠨ ︽ᠪᠦᠬᠦ ᠬᠤᠳᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠱᠠᠯᠠᠪᠳᠠᠭᠤᠯᠤᠨ ᠪᠠᠶᠢᠴᠠᠭᠠᠭᠰᠠᠨ ᠮᠡᠳᠡᠭᠦᠯᠦᠯᠲᠡ︾ ᠶᠢ ᠤᠯᠠᠮᠵᠢᠯᠠᠵᠤ᠂ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ︔ ᠬᠠᠲᠤᠨ ᠭᠤᠣᠯ ᠤᠨ ᠲᠠᠩ ᠭᠠᠵᠠᠷ ᠢ ᠨᠡᠭᠦᠯᠭᠡᠬᠦ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠲᠣᠪᠤᠶᠢᠮ᠎ᠠ ᠠᠰᠠᠭᠤᠳᠠᠯ ᠤᠨ ᠲᠤᠬᠠᠶ ᠳᠠᠯᠳᠠᠭᠤᠷ ᠰᠤᠷᠪᠤᠯᠵᠢᠯᠠᠭᠰᠠᠨ ᠹᠢᠯᠢᠮ ᠤᠨ ᠮᠠᠨ ᠤ ᠰᠢᠶᠠᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠪᠠ ᠭᠠᠵᠠᠷ ᠰᠢᠷᠣᠢ ᠶᠢᠨ ᠵᠤᠷᠰᠢᠯᠳᠤ ᠱᠠᠯᠠᠪᠳᠠᠭᠤᠯᠤᠨ ᠪᠠᠶᠢᠴᠠᠭᠠᠯᠲᠠ ᠪᠠ ᠭᠠᠵᠠᠷ ᠰᠢᠷᠣᠢ ᠶᠢᠨ ᠭᠡᠷᠡᠯ ᠵᠢᠷᠤᠭ ᠤᠨ ᠬᠠᠤᠯᠢ ᠬᠡᠷᠡᠭᠵᠢᠭᠦᠯᠦᠯᠲᠡ ᠶᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠪᠥᠬᠦ ᠣᠷᠣᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠲᠥᠰᠦᠯ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ︽ᠲᠣᠭᠲᠠᠬᠤ ᠰᠢᠶᠠᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠡᠭᠦᠷᠭᠡ ᠶᠢᠨ ᠨᠠᠷᠢᠨ ᠲᠠᠩᠰᠠ︾ ᠶᠢ ᠰᠤᠳᠤᠯᠤᠨ ᠶᠠᠷᠢᠯᠴᠠᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃      ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠰᠡᠷᠭᠡᠭ ᠢᠶᠠᠷ ᠲᠠᠨᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠬᠠᠮᠤᠭ ᠤᠨ ᠴᠢᠩᠭ᠎ᠠ᠂ ᠬᠠᠮᠤᠭ ᠤᠨ ᠪᠣᠳᠠᠲᠠᠢ᠂ ᠬᠠᠮᠤᠭ ᠤᠨ ᠨᠠᠷᠢᠯᠢᠭ ᠠᠷᠭ᠎ᠠ ᠬᠡᠮᠵᠢᠶ᠎ᠡ ᠪᠠᠷ ᠭᠠᠳᠠᠭᠠᠳᠤ ᠰᠡᠷᠭᠡᠶᠢᠯᠡᠯᠲᠡ᠂ ᠣᠷᠣᠭᠤᠯᠤᠯᠲᠠ ᠶᠢᠨ ᠪᠣᠭᠤᠮᠲᠠ ᠶᠢ ᠪᠠᠬᠢᠯᠡᠵᠦ᠂ ᠭᠠᠳᠠᠭᠠᠳᠤ ᠰᠡᠷᠭᠡᠶᠢᠯᠡᠯᠲᠡ ᠪᠤᠯᠤᠨ ᠣᠷᠣᠭᠤᠯᠤᠯᠲᠠ ᠶᠢᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠬᠡᠷᠡᠭᠲᠡᠢ᠃ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠬᠢᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠳᠡᠭᠡᠳᠦ ᠳᠣᠤᠷᠠᠳᠤ ᠱᠠᠲᠤᠨ ᠤ ᠬᠠᠮᠲᠤᠷᠠᠨ ᠬᠥᠳᠡᠯᠦᠯᠴᠡᠬᠦ  ᠦᠢᠯᠡᠳᠦᠯ ᠢᠶᠠᠨ ᠭᠦᠢᠴᠡᠳ ᠪᠠᠳᠠᠷᠠᠭᠤᠯᠬᠤ ᠬᠡᠷᠡᠭᠲᠡᠶ︔ 12 ᠲᠤᠰᠬᠠᠶ ᠳᠤᠭᠤᠶᠢᠯᠠᠩ ᠠᠴᠠ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠵᠠᠳᠠᠯᠬᠤ᠂ ᠴᠤᠭᠯᠠᠭᠤᠯᠬᠤ᠂ ᠰᠤᠳᠤᠯᠤᠨ ᠮᠠᠭᠠᠳᠯᠠᠬᠤ ᠠᠵᠢᠯ ᠢ ᠰᠠᠶᠢᠲᠤᠷ ᠬᠢᠵᠦ᠂ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠡᠭᠦᠷᠭᠡ ᠶᠢ ᠴᠠᠭ ᠲᠤᠬᠠᠶ ᠳᠤᠨᠢ ᠠᠷᠭᠠᠴᠠᠨ  ᠰᠢᠢᠳᠪᠦᠷᠢᠯᠡᠬᠦ ᠬᠡᠷᠡᠭᠲᠡᠶ᠃ ᠡᠯ᠎ᠡ ᠪᠠᠯᠭᠠᠰᠤ᠂ ᠬᠠᠲᠤᠨ ᠭᠤᠤᠯ ᠤᠨ ᠨᠤᠭᠤ ᠭᠠᠵᠠᠷ ᠢ ᠬᠠᠮᠢᠶᠠᠷᠤᠯᠳᠠ ᠬᠠᠮᠠᠭᠠᠯᠠᠯᠳᠠ ᠶᠢᠨ ᠲᠥᠪ ᠨᠢ ᠬᠠᠷᠢᠶ᠎ᠠ ᠭᠠᠵᠠᠷ ᠤᠨ ᠢᠶᠠᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠶᠢᠨ ᠳᠠᠯᠳᠠ ᠬᠡᠮ ᠢ ᠬᠠᠮᠤᠭ ᠤᠨ ᠶᠡᠭᠡ ᠬᠡᠮᠵᠢᠶ᠎ᠡ ᠪᠠᠷ ᠠᠷᠢᠯᠭᠠᠬᠤ ᠬᠡᠷᠡᠭᠲᠡᠶ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠭᠠᠳᠠᠭᠠᠳᠤ ᠠᠴᠠ ᠣᠷᠣᠭᠤᠯᠬᠤ ᠬᠦᠯᠳᠡᠭᠦᠦ ᠢᠳᠡᠭᠡᠨ᠂ ᠭᠠᠳᠠᠭᠠᠳᠤ ᠠᠴᠠ ᠣᠷᠣᠭᠤᠯᠬᠤ ᠬᠦᠯᠳᠡᠭᠦᠦ ᠢᠳᠡᠭᠡᠨ ᠪᠤᠰᠤ ᠲᠦᠭᠰᠢᠭᠦᠷᠢ ᠶᠡᠬᠡᠲᠡᠶ ᠪᠠᠷᠠᠭ᠎ᠠ ᠵᠡᠷᠭᠡ ᠶᠢᠨ ᠪᠥᠭᠡᠮ ᠬᠦᠴᠢᠯ ᠤᠨ ᠰᠤᠭᠤᠴᠢᠨ ᠪᠠᠶᠢᠴᠠᠭᠠᠬᠤ ᠪᠠ ᠠᠷᠢᠭᠤᠳᠬᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠦᠵᠡᠮᠵᠢ ᠶᠢᠨ ᠣᠷᠣᠨ᠂ ᠠᠵᠤ ᠦᠢᠯᠡᠳᠪᠦᠷᠢ ᠶᠢᠨ ᠬᠦᠷᠢᠶᠡᠯᠡᠩ ᠤᠨ ᠠᠵᠤ ᠠᠬᠤᠶᠢᠯᠠᠯ ᠵᠡᠷᠭᠡ ᠶᠢᠨ ᠬᠥᠮᠦᠨ ᠬᠠᠷ᠎ᠠ ᠨᠢᠭᠲᠠᠷᠠᠭᠰᠠᠨ ᠲᠠᠯᠠᠪᠤᠷ ᠭᠠᠵᠠᠷ ᠤᠨ ᠪᠠᠶᠢᠴᠠᠭᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠷᠴᠢᠮ ᠲᠡᠭᠡᠷ᠎ᠡ ᠪᠠᠨ ᠶᠡᠭᠡ ᠬᠡᠪᠴᠢᠶ᠎ᠡ ᠪᠠᠷ ᠲᠥᠪᠯᠡᠷᠡᠭᠦᠯᠬᠦ ᠴᠢᠨᠠᠷᠲᠠᠶ ᠠᠵᠢᠯᠯᠠᠭ᠎ᠠ ᠡᠷᠭᠢᠯᠡᠬᠦ ᠥᠬᠡᠶ᠃ ᠡᠮᠴᠢᠯᠡᠭᠡᠨ ᠤ ᠪᠠᠶᠢᠭᠤᠯᠤᠮᠵᠢ ᠶᠢᠨ ᠠᠩᠬ᠎ᠠ ᠡᠮᠴᠢᠯᠡᠭᠡᠨ ᠤ ᠬᠠᠷᠢᠭᠤᠴᠠᠯᠭ᠎ᠠ ᠶᠢᠨ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠸᠠᠺᠼᠢᠨ ᠤ ︽ᠭᠥᠯᠢᠶᠡᠨ ᠠᠪᠬᠤ ᠶᠣᠰᠣᠲᠠᠶ ᠶᠢ ᠨᠢ ᠴᠥᠮ ᠭᠥᠯᠢᠶᠡᠨ ᠠᠪᠬᠤ︾ ᠠᠵᠢᠯ ᠢ ᠲᠦᠷᠭᠡᠳᠬᠡᠨ ᠠᠬᠢᠭᠤᠯᠵᠤ᠂ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮᠵᠢ ᠶᠢ ᠪᠦᠷᠢᠨᠰᠢᠬᠦᠯᠦᠨ ᠲᠡᠭᠦᠯᠳᠡᠷᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ᠂ ᠬᠠᠲᠤᠨ ᠭᠤᠣᠯ ᠤᠨ ᠲᠠᠩ ᠣᠷᠣᠨ ᠢ ᠨᠡᠭᠦᠯᠭᠡᠬᠦ ᠠᠵᠢᠯ ᠢ ᠦᠷᠨᠢᠭᠦᠯᠬᠦ ᠪᠤᠯ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ ᠨᠦᠭᠦᠳ ᠬᠠᠳᠤᠨ ᠭᠤᠤᠯ ᠤᠨ ᠲᠠᠩ ᠭᠠᠵᠠᠷ ᠤᠨ ᠲᠠᠷᠠᠬᠠᠶ ᠪᠤᠲᠠᠷᠬᠠᠶ ᠲᠣᠰᠬᠤᠨ ᠡᠷᠦᠬᠡ ᠶᠢ ᠨᠡᠭᠦᠯᠭᠡᠨ ᠪᠠᠶᠢᠭᠤᠯᠬᠤ ᠶᠢ 2021 ᠣᠨ ᠤ ᠰᠡᠭᠦᠯᠴᠢ ᠠᠴᠠ ᠡᠮᠦᠨ᠎ᠡ ᠪᠡᠶᠡᠯᠡᠭᠦᠯᠵᠦ᠂ 2023 ᠣᠨ ᠤ ᠰᠡᠭᠦᠯᠴᠢ ᠠᠴᠠ ᠡᠮᠦᠨ᠎ᠡ ᠲᠠᠩ ᠭᠠᠵᠠᠷ ᠤᠨ ᠪᠥᠬᠦ ᠬᠥᠮᠦᠨ ᠠᠮᠠ ᠶᠢ ᠨᠡᠭᠦᠯᠭᠡᠨ ᠪᠠᠶᠢᠭᠤᠯᠬᠤ ᠠᠵᠢᠯ ᠤᠨ ᠬᠠᠷᠠᠯᠲᠠ ᠶᠢ ᠪᠡᠶᠡᠯᠡᠭᠦᠯᠵᠦ᠂ ᠴᠠᠭ ᠤᠨ ᠲᠣᠬᠢᠷᠠᠭᠤᠯᠤᠯᠲᠠ᠂ ᠨᠡᠭᠦᠯᠭᠡᠬᠦ ᠴᠢᠭᠯᠡᠯ᠂ ᠦᠷᠭᠦᠯᠵᠢᠯᠡᠨ ᠪᠠᠲᠤᠯᠠᠬᠤ᠂ ᠪᠠᠯᠠ ᠮᠥᠩᠭᠦ ᠶᠢ ᠳᠣᠭᠢᠷᠠᠭᠤᠯᠬᠤ ᠵᠡᠷᠭᠡ ᠡᠯ᠎ᠡ ᠵᠦᠢᠯ ᠤᠨ ᠠᠵᠢᠯ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠠᠲᠤᠨ ᠭᠤᠤᠯ ᠤᠨ ᠲᠠᠩ ᠭᠠᠵᠠᠷ ᠢ ᠨᠡᠭᠦᠯᠭᠡᠬᠦ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠠᠬᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠲᠣᠪᠤᠶᠢᠮ᠎ᠠ ᠠᠰᠠᠭᠤᠳᠠᠯ ᠢ ᠳᠠᠯᠳᠠᠭᠤᠷ ᠰᠤᠷᠪᠤᠯᠵᠢᠯᠠᠬᠤ ᠹᠢᠯᠢᠮ ᠳᠤ ᠮᠠᠨ ᠤ ᠰᠢᠶᠠᠨ ᠤ ᠬᠤᠯᠪᠣᠭᠳᠠᠯ ᠪᠦᠬᠦᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠣᠳᠣᠬᠠᠨ ᠤ ᠮᠠᠨ ᠤ ᠰᠢᠶᠠᠨ ᠤ ᠨᠢᠭᠡᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠂ ᠶᠠᠩ ᠵᠢᠶᠠ ᠭᠧ ᠳ᠋ᠦ᠋ ᠶᠢ ᠨᠡᠭᠦᠯᠭᠡᠬᠦ ᠠᠵᠢᠯ ᠤᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢ ᠪᠥᠬᠦ ᠲᠠᠯ᠎ᠠ ᠪᠠᠷ ᠥᠷᠨᠢᠭᠦᠯᠵᠦ᠂ ᠲᠤᠬᠠᠶ ᠶᠢᠨ ᠭᠠᠵᠠᠷ ᠤᠨ ᠲᠣᠰᠬᠤᠨ ᠤ ᠠᠷᠠᠳ ᠤᠨ ᠦᠵᠡᠯ ᠰᠠᠨᠠᠭᠠᠨ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠨᠡᠭᠦᠯᠭᠡᠬᠦ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠂ ᠨᠡᠭᠦᠯᠭᠡᠬᠦ ᠨᠥᠬᠦᠪᠥᠷᠢ᠂ ᠰᠠᠭᠤᠭᠠᠯᠢ ᠠᠷᠠᠳ ᠢ ᠲᠥᠪᠬᠢᠨᠡᠭᠦᠯᠬᠦ ᠵᠡᠷᠭᠡ ᠬᠠᠮᠢᠶ᠎ᠠ ᠪᠥᠬᠦᠶ ᠠᠵᠢᠯ ᠢ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠨᠡᠭᠦᠯᠭᠡᠬᠦ ᠠᠵᠢᠯ ᠢ ᠱᠠᠯᠠᠪᠳᠠᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠢᠦ ᠲᠠᠢ ᠲᠥᠷᠥᠯ ᠵᠦᠢᠯ ᠤᠨ ᠲᠣᠭᠤᠷᠢᠭ ᠤᠨ ᠣᠶᠢᠷ᠎ᠠ ᠬᠠᠪᠢ ᠶᠢᠨ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠬᠤ ᠬᠡᠷᠡᠭᠲᠡᠶ᠃ ᠡᠯ᠎ᠡ ᠪᠠᠯᠭᠠᠰᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠭᠠᠵᠠᠷ ᠰᠢᠷᠣᠢ ᠶᠢᠨ ᠵᠤᠷᠰᠢᠯᠳᠤ ᠱᠠᠯᠠᠪᠳᠠᠭᠤᠯᠤᠨ ᠪᠠᠶᠢᠴᠠᠭᠠᠯᠲᠠ ᠵᠢᠴᠢ ᠭᠠᠵᠠᠷ ᠰᠢᠷᠣᠢ ᠶᠢᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠪᠠᠨ ᠡᠭᠦᠷᠭᠡᠯᠡᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠬᠢᠴᠠ ᠪᠠᠨ ᠲᠦᠷᠭᠡᠳᠬᠡᠵᠦ᠂ 8  ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠵᠢᠭᠠᠨ ᠭᠠᠷᠭᠠᠪᠠ᠃      ᠬᠤᠷᠠᠯ ᠠᠴᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠮᠠᠨ ᠤ ᠰᠢᠶᠠᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ᠪᠦᠬᠦ ᠲᠠᠯ᠎ᠠ ᠪᠠᠷ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠵᠤ᠂ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠬᠤ ᠡᠬᠡ ᠳᠠᠩᠰᠠ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠪᠣᠯᠤᠨ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠬᠤ ᠬᠡᠷᠡᠭᠲᠡᠢ︔ ᠲᠣᠭᠲᠠᠬᠤ ᠰᠢᠶᠠᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠡᠭᠦᠷᠭᠡ ᠲᠠᠢ ᠬᠠᠷᠢᠴᠠᠭᠤᠯᠵᠤ᠂ ᠬᠠᠷᠢᠭᠤᠴᠠᠯᠭ᠎ᠠ ᠶᠢ ᠵᠦᠢᠯ ᠳᠠᠷᠠᠭᠠᠯᠠᠨ ᠲᠣᠳᠣᠷᠬᠠᠶᠢᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨ ᠬᠦ ᠳᠥᠯᠭᠢᠨ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃      ᠰᠢᠶᠠᠨ ᠤ ᠤᠳᠤᠷᠢᠳᠤᠯᠭ᠎ᠠ ᠭᠤᠤ ᠵᠧᠩ᠂ ᠶᠦᠨ ᠷᠦᠢ ᠵᠢᠶᠦ᠋ᠨ᠂ ᠸᠠᠩ ᠮᠢᠩ ᠵᠢᠴᠢ ᠰᠢᠶᠠᠨ ᠤ ᠨᠠᠮ ᠤᠨ ᠬᠤᠷᠢᠶ᠎ᠠ ᠶᠢᠨ ᠡᠯ᠎ᠡ ᠪᠠᠶᠢᠩᠭᠤ ᠶᠢᠨ ᠭᠡᠰᠢᠭᠦᠨ᠂ ᠭᠠᠵᠠᠷ ᠤᠨ ᠲᠡᠰ ᠤᠨ ᠬᠠᠮᠢᠶ᠎ᠠ ᠪᠦᠬᠦᠢ ᠤᠳᠤᠷᠢᠳᠤᠯᠭ᠎ᠠ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠢ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1