ᠲᠣᠭᠲᠠᠬᠤ ᠰᠢᠶᠠᠨ 2021 ᠣᠨ ᠤ ᠥᠷᠢ ᠰᠢᠷᠢ ᠶᠢ ᠵᠠᠰᠠᠵᠤ ᠵᠠᠷᠤᠯᠭ᠎ᠠ ᠶᠢ ᠪᠠᠲᠤᠯᠠᠬᠤ ᠠᠵᠢᠯ ᠤᠨ ᠲᠤᠬᠢᠷᠠᠭᠤᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/8/13
      ᠬᠥᠯᠥᠰᠥᠨ ᠠᠵᠢᠯᠴᠢᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠦᠨᠡᠨᠬᠦ ᠪᠠᠲᠤᠯᠠᠵᠤ᠂ ᠠᠵᠤ ᠠᠬᠤᠶᠢᠯᠠᠯ ᠤᠨ ᠴᠠᠯᠢᠩ ᠥᠭᠬᠦ ᠠᠵᠢᠯᠯᠠᠭ᠎ᠠ ᠪᠣᠯᠤᠨ ᠠᠵᠢᠯᠴᠢᠨ ᠬᠡᠷᠡᠭᠯᠡᠬᠦ ᠲᠦᠪᠰᠢᠨ ᠢ ᠳᠠᠰᠤᠷᠠᠯᠳᠠ ᠦᠭᠡᠢ ᠵᠢᠷᠤᠮᠵᠢᠭᠤᠯᠤᠨ ᠳᠡᠭᠡᠭᠰᠢᠯᠡᠭᠦᠯᠵᠦ᠂ ᠬᠥᠯᠥᠰᠥᠨ ᠠᠵᠢᠯᠴᠢᠨ ᠳᠤ ᠴᠠᠯᠢᠩ ᠥᠷᠢᠲᠦᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠬᠤ ᠶᠢᠨ ᠲᠥᠯᠥᠭᠡ᠂ 8 ᠳ᠋ᠤᠭᠠᠷ‌‍ᠰᠠᠷ᠎ᠠ ᠶᠢᠨ 5 ᠤ ᠦᠳᠡ ᠶᠢᠨ ᠡᠮᠦᠨ᠎ᠡ᠂ ᠲᠣᠭᠲᠠᠬᠤ ᠰᠢᠶᠠᠨ 2021 ᠣᠨ ᠤ ᠥᠷᠢ ᠰᠢᠷᠢ ᠶᠢ ᠵᠠᠰᠠᠵᠤ ᠵᠠᠷᠤᠯᠭ᠎ᠠ ᠶᠢ ᠪᠠᠲᠤᠯᠠᠬᠤ ᠠᠵᠢᠯ ᠤᠨ ᠳᠤᠬᠢᠷᠠᠭᠤᠯᠤᠯᠳᠠ ᠶᠢᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠣ ᠬᠠᠨ᠂ ᠰᠢᠶᠠᠨ ᠤ ᠬᠥᠯᠥᠰᠥᠨ ᠠᠵᠢᠯᠴᠢᠨ ᠤ ᠴᠠᠯᠢᠩ ᠢ ᠤᠳᠠᠭᠠᠰᠢᠷᠠᠭᠤᠯᠤᠨ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ      ᠬᠤᠷᠠᠯ ᠠᠴᠠ 8 ᠳ᠋ᠤᠭᠠᠷ ᠰᠠᠷ᠎ᠠ ᠶᠢᠨ 2 ᠤᠨ ᠡᠳᠦᠷ ᠬᠤᠷᠠᠯᠳᠤᠭᠰᠠᠨ 2021 ᠣᠨ ᠤ ᠪᠦᠬᠦ ᠬᠤᠳᠠ ᠶᠢᠨ ᠳᠡᠭᠡᠷ᠎ᠡ ᠬᠠᠭᠠᠰ ᠵᠢᠯ ᠤᠨ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠤᠨ ᠳ᠋ᠦᠩᠨᠡᠯᠲᠡ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠳᠡᠭᠡᠷ᠎ᠡ ᠬᠠᠭᠠᠰ ᠵᠢᠯ ᠤᠨ ᠪᠦᠬᠦ ᠰᠢᠶᠠᠨ ᠤ ᠥᠷᠢ ᠰᠢᠷᠢ ᠶᠢ ᠵᠠᠰᠠᠵᠤ ᠵᠠᠷᠤᠯᠭ᠎ᠠ ᠶᠢ ᠪᠠᠲᠤᠯᠠᠬᠤ ᠠᠵᠢᠯ ᠤᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠳᠠᠷᠠᠭᠠᠴᠢ ᠶᠢᠨ ᠠᠯᠬᠤᠮ ᠤᠨ ᠥᠷᠢ ᠰᠢᠷᠢ ᠶᠢ ᠵᠠᠰᠠᠵᠤ ᠵᠠᠷᠤᠯᠭ᠎ᠠ ᠶᠢ ᠪᠠᠲᠤᠯᠠᠬᠤ ᠠᠵᠢᠯ ᠳᠤ ᠲᠤᠬᠢᠷᠠᠭᠤᠯᠤᠯᠳᠠ ᠬᠢᠵᠡᠢ᠃      ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠵᠤ᠂ ᠲᠤᠰᠬᠠᠢ ᠪᠠᠶᠢᠴᠠᠭᠠᠯᠲᠠ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠱᠠᠭᠠᠷᠳᠠᠯᠭ᠎ᠠ ᠳᠡᠭᠡᠷ᠎ᠡ ᠦᠨᠡᠨᠬᠦ ᠨᠢᠭᠡᠳᠬᠡᠵᠦ᠂ ᠲᠤᠰᠬᠠᠢ ᠪᠠᠶᠢᠴᠠᠭᠠᠯᠲᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠲᠡᠮᠵᠢᠨ ᠬᠠᠮᠵᠢᠯᠴᠠᠵᠤ᠂ ᠠᠵᠢᠯ ᠤᠨ ᠳᠦᠷᠰᠦ ᠪᠠᠶᠢᠳᠠᠯ ᠢ ᠪᠤᠰᠤᠳᠴᠢ ᠪᠠᠷ ᠣᠨᠣᠪᠴᠢᠲᠠᠢ ᠲᠤᠰᠬᠠᠬᠤ ᠬᠡᠷᠡᠭᠲᠡᠢ᠃ ᠲᠤᠰᠬᠠᠶ ᠵᠦᠢᠯ ᠤᠨ ᠪᠠᠶᠢᠴᠠᠭᠠᠯᠲᠠ ᠶᠢ ᠪᠦᠬᠦ ᠰᠢᠶᠠᠨ ᠤ ᠬᠥᠯᠥᠰᠥᠨ ᠠᠵᠢᠯᠴᠢᠨ ᠤ ᠴᠠᠯᠢᠩ ᠢ ᠥᠭᠬᠦ ᠠᠵᠢᠯ ᠤᠨ ᠦᠷ᠎ᠡ ᠪᠦᠲᠦᠭᠡᠯ ᠤᠨ ᠱᠠᠲᠤ ᠦᠶ᠎ᠡ ᠶᠢᠨ ᠴᠢᠨᠠᠷᠲᠠᠶ ᠰᠢᠯᠭᠠᠨ ᠪᠠᠶᠢᠴᠠᠭᠠᠯᠲᠠ ᠪᠣᠯᠭᠠᠵᠤ᠂ ᠣᠷᠣᠰᠢᠵᠤ ᠪᠠᠶᠢᠭ᠎ᠠ ᠭᠤᠣᠯᠳᠠᠯᠭ᠎ᠠ ᠲᠠᠢ᠂ ᠬᠦᠴᠢᠷ ᠠᠰᠠᠭᠤᠳᠠᠯ ᠢ ᠭᠦᠨᠵᠡᠭᠡᠶ ᠰᠤᠳᠤᠯᠵᠤ᠂ ᠦᠨᠳᠦᠰᠦᠨ ᠪᠠᠶᠢᠳᠠᠯ ᠪᠠ ᠠᠰᠠᠭᠤᠳᠠᠯ ᠤᠨ ᠵᠠᠩᠭᠢᠯᠠᠭ᠎ᠠ ᠶᠢ ᠬᠠᠮᠤᠭ ᠲᠡᠷᠢᠭᠦᠨ ᠳᠤ ᠡᠵᠡᠮᠰᠢᠵᠦ᠂ ᠬᠠᠮᠤᠭ ᠲᠡᠷᠢᠭᠦᠨ ᠳᠤ ᠴᠡᠭᠴᠡᠯᠡᠨ ᠰᠠᠶᠢᠵᠢᠷᠠᠭᠤᠯᠵᠤ᠂ ᠬᠠᠮᠤᠭ ᠲᠡᠷᠢᠭᠦᠨ ᠳᠤ ᠦᠷ᠎ᠡ ᠪᠦᠲᠦᠮᠵᠢ ᠶᠢ ᠨᠢ ᠬᠠᠷᠢᠭᠤ ᠲᠤᠰᠬᠠᠬᠤ ᠬᠡᠷᠡᠭᠲᠡᠶ ᠭᠡᠵᠦ ᠴᠢᠬᠤᠯᠠᠴᠢᠯᠠᠪᠠ᠃          ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠬᠥᠯᠥᠰᠥᠨ ᠠᠵᠢᠯᠴᠢᠨ ᠤ ᠴᠠᠯᠢᠩ ᠢ ᠥᠭᠬᠦ ᠶᠢ ᠪᠠᠲᠤᠯᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠰᠢᠯᠭᠠᠨ ᠬᠢᠨᠠᠬᠤ ᠨᠠᠷᠢᠨ ᠲᠦᠷᠢᠮ ᠲᠠᠢ ᠬᠠᠷᠢᠴᠠᠭᠤᠯᠤᠨ ᠳᠠᠬᠢᠨ ᠳᠠᠷᠠᠭᠠᠯᠠᠨ ᠪᠠᠶᠢᠴᠠᠭᠠᠵᠤ᠂ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠲᠥᠷᠥᠯ ᠵᠦᠢᠯ ᠳᠤ ᠳᠠᠬᠢᠨ ᠪᠠᠶᠢᠴᠠᠭᠠᠯᠲᠠ ᠬᠢᠵᠦ᠂ ᠴᠠᠯᠢᠩ ᠥᠷᠢᠲᠦᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ ᠳᠤ ᠳᠠᠬᠢᠨ ᠳᠠᠷᠠᠭᠠᠯᠠᠨ ᠪᠠᠶᠢᠴᠠᠭᠠᠯᠲᠠ ᠬᠢᠵᠦ᠂ ᠢᠯᠡᠴᠢᠯᠡᠨ ᠮᠡᠳᠡᠭᠦᠯᠵᠦ ᠵᠠᠭᠠᠯᠳᠤᠬᠤ ᠠᠷᠭ᠎ᠠ ᠵᠠᠮ ᠳᠤ ᠳᠠᠬᠢᠨ ᠳᠠᠷᠠᠭᠠᠯᠠᠨ ᠪᠠᠶᠢᠴᠠᠭᠠᠯᠲᠠ ᠬᠢᠵᠦ᠂ ᠰᠤᠷᠤᠯᠴᠠᠵᠤ ᠬᠡᠷᠡᠭᠯᠡᠬᠦ ︽ᠲᠦᠷᠢᠮ︾ ᠳᠤ ᠳᠠᠬᠢᠨ ᠳᠠᠷᠠᠭᠠᠯᠠᠨ ᠪᠠᠶᠢᠴᠠᠭᠠᠯᠲᠠ ᠬᠢᠵᠦ᠂ ᠥᠪᠡᠷ ᠢᠶᠠᠨ ᠪᠠᠶᠢᠴᠠᠭᠠᠭᠠᠳ ᠡᠷᠢᠵᠦ ᠭᠠᠷᠭᠠᠭᠰᠠᠨ ᠠᠰᠠᠭᠤᠳᠠᠯ ᠳᠤ ᠴᠢᠭᠯᠡᠭᠦᠯᠦᠨ᠂ ᠳᠠᠷᠦ᠋ᠢᠬᠠᠨ ᠬᠥᠳᠡᠯᠦᠯᠴᠡᠵᠦ᠂ ᠡᠬᠡ ᠲᠠᠩᠰᠠ ᠪᠠᠶᠢᠭᠤᠯᠤᠨ᠂ ᠴᠡᠭᠴᠡᠯᠡᠨ ᠰᠠᠶᠢᠵᠢᠷᠠᠭᠤᠯᠵᠤ᠂ ᠲᠡᠷᠡ ᠳᠠᠷᠤᠶ ᠳᠤᠨᠢ ᠬᠡᠷᠡᠭᠵᠢᠭᠦᠯᠬᠦ ᠪᠠ ᠲᠡᠷᠡ ᠳᠠᠷᠤᠶ ᠳᠤᠨᠢ ᠵᠠᠰᠠᠪᠤᠷᠢ ᠣᠷᠣᠭᠤᠯᠬᠤ ᠬᠡᠷᠡᠭᠲᠡᠶ ᠭᠡᠵᠦ ᠵᠢᠭᠠᠨ ᠭᠠᠷᠭᠠᠪᠠ᠃      ᠬᠤᠷᠠᠯ ᠠᠴᠠ᠂ ᠬᠥᠯᠥᠰᠥᠨ ᠠᠵᠢᠯᠴᠢᠨ ᠤ ᠴᠠᠯᠢᠩ ᠢ ᠣᠯᠭᠤᠬᠤ ᠠᠵᠢᠯ ᠢ ᠪᠠᠲᠤᠯᠠᠬᠤ ᠳᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠶ ᠪᠥᠭᠡᠳ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠨᠡᠩ ᠴᠤ ᠨᠠᠶᠢᠳᠠᠪᠤᠷᠢᠵᠢᠭᠤᠯᠵᠤ᠂ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠨ᠂ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ᠂ ᠶᠡᠷᠦᠩᠬᠡᠶᠢᠯᠡᠨ ᠵᠠᠰᠠᠬᠤ ᠠᠵᠢᠯ ᠤᠨ ᠨᠡᠶᠢᠯᠡᠮᠡᠯ ᠬᠦᠴᠦᠨ ᠢ ᠪᠤᠶ ᠪᠣᠯᠭᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠤᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠯᠦᠰᠦᠨ ᠠᠵᠢᠯᠴᠢᠨ ᠤ ᠴᠠᠯᠢᠩ ᠢ ᠣᠯᠭᠤᠬᠤ ᠶᠢ ᠪᠠᠲᠤᠯᠠᠬᠤ ᠠᠵᠢᠯ ᠤᠨ ᠬᠠᠷᠢᠭᠤᠴᠠᠯᠭ᠎ᠠ ᠬᠡᠯᠡᠯᠴᠡᠬᠦ ᠠᠷᠭ᠎ᠠ︾ ︽ᠬᠦᠯᠦᠰᠦᠨ ᠠᠵᠢᠯᠴᠢᠨ ᠤ ᠴᠠᠯᠢᠩ ᠢ ᠣᠯᠭᠤᠬᠤ ᠶᠢ ᠪᠠᠲᠤᠯᠠᠬᠤ ᠲᠦᠷᠢᠮ︾ ᠤᠨ ᠱᠠᠭᠠᠷᠳᠠᠯᠭ᠎ᠠ ᠶᠣᠰᠣᠭᠠᠷ᠂ ᠬᠡᠨ ᠭᠤᠤᠯᠴᠢᠯᠠᠨ ᠬᠠᠮᠢᠶᠠᠷᠪᠠᠯ ᠬᠡᠨ ᠬᠠᠷᠢᠭᠤᠴᠠᠵᠤ᠂ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠵᠢᠭᠰᠠᠭᠠᠵᠤ᠂ ᠠᠵᠢᠯ ᠲᠥᠷᠥᠯ ᠤᠨ ᠰᠠᠯᠠᠭ᠎ᠠ ᠮᠥᠴᠢᠷ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠴᠢᠩᠭ᠎ᠠ ᠭᠦᠢᠴᠡᠳᠭᠡᠬᠦ ᠬᠡᠷᠡᠭᠲᠡᠶ᠃ ᠰᠢᠶᠠᠨ ᠤ ᠥᠷᠢ ᠰᠢᠷᠢ ᠶᠢ ᠢᠯᠭᠠᠷᠠᠭᠤᠯᠤᠨ  ᠰᠢᠢᠳᠪᠦᠷᠢᠯᠡᠬᠦ ᠠᠵᠢᠯ ᠢ ᠨᠢᠭᠡᠳᠦᠯᠲᠡᠶ ᠲᠥᠯᠥᠪᠯᠡᠨ ᠬᠠᠷᠢᠭᠤᠴᠠᠵᠤ᠂ ᠡᠯ᠎ᠡ ᠲᠥᠷᠥᠯ ᠤᠨ ᠬᠡᠷᠡᠭ ᠤᠨ ᠰᠦᠪᠡᠭᠴᠢ ᠶᠢ ᠴᠠᠭ ᠲᠤᠬᠠᠶ ᠳᠤᠨᠢ ᠡᠮᠬᠢᠯᠡᠨ ᠳᠢᠭᠯᠡᠵᠦ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠰᠢᠯᠵᠢᠭᠦᠯᠦᠨ ᠰᠢᠢᠳᠪᠦᠷᠢᠯᠡᠭᠦᠯᠦᠭᠰᠡᠨ ᠬᠡᠷᠡᠭ ᠪᠠ ᠰᠢᠶᠠᠨ ᠤ ᠱᠠᠲᠤᠨ ᠤ ᠡᠯ᠎ᠡ ᠲᠥᠷᠥᠯ ᠤᠨ ᠵᠠᠬᠢᠳᠠᠯ ᠰᠤᠷᠪᠤᠯᠵᠢᠯᠠᠭ᠎ᠠ ᠶᠢᠨ ᠵᠠᠭᠠᠯᠳᠤᠯᠭ᠎ᠠ ᠶᠢᠨ ᠬᠡᠷᠡᠭ ᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠰᠢᠯᠵᠢᠭᠦᠯᠦᠨ ᠥᠭᠴᠦ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠬᠡᠷᠡᠭ ᠪᠣᠯᠭᠠᠨ ᠳᠡᠩᠰᠡᠯᠡᠵᠦ ᠰᠢᠢᠳᠪᠦᠷᠢᠯᠡᠬᠦ ᠴᠢᠬᠤᠯᠠᠲᠠᠶ᠂ ᠬᠡᠷᠡᠭ ᠪᠣᠯᠭᠠᠨ ᠳᠠᠩᠰᠠᠯᠠᠬᠤ ᠨᠥᠬᠦᠴᠡᠯ ᠳᠤ ᠨᠡᠶᠢᠴᠡᠭᠰᠡᠨ ᠪᠠᠶᠢᠪᠠᠯ᠂ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠥᠳᠡᠯᠮᠦᠷᠢ ᠪᠠᠲᠤᠯᠠᠭ᠎ᠠ ᠶᠢᠨ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠤ ᠮᠡᠳᠡᠭᠦᠯᠦᠨ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠬᠤᠲᠠ ᠶᠢᠨ ᠥᠷᠢ ᠰᠢᠷᠢ ᠶᠢ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠴᠠᠯᠢᠩ ᠥᠷᠢᠲᠦᠭᠰᠡᠨ ᠰᠦᠪᠡᠭᠴᠢ ᠶᠢᠨ ᠬᠡᠷᠡᠭ ᠢ ᠰᠢᠢᠳᠪᠦᠷᠢᠯᠡᠬᠦ ᠠᠵᠢᠯ ᠢ ᠴᠠᠭ ᠲᠤᠬᠠᠶ ᠳᠤᠨᠢ ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠪᠠ᠃    
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1