ᠲᠤᠭᠳᠠᠬᠤ ᠰᠢᠶᠠᠨ ᠲᠤᠰᠬᠠᠢ ᠮᠡᠷᠭᠡᠵᠢᠯᠲᠡᠨ ᠤᠷᠢᠵᠤ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ︽ᠰᠤᠳᠠᠯ ᠪᠠᠷᠢᠵᠤ ᠬᠠᠮᠲᠤᠷᠠᠨ ᠤᠨᠤᠰᠢᠯᠠᠭᠤᠯᠵᠦ︾  ᠪᠠᠶᠢᠨ᠎ᠠ
ᠨᠡᠶᠢᠲᠡᠯᠡᠭᠰᠡᠨ ᠴᠠᠭ᠄
2021/8/16
      ︽ᠠᠶᠤᠯᠲᠠᠶ ᠬᠢᠮᠢ ᠶᠢᠨ ᠪᠣᠳᠠᠰ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ᠢ ᠭᠦᠨᠵᠡᠭᠡᠶ ᠲᠤᠤᠱᠯᠠᠭᠤᠯᠤᠨ ᠠᠶᠤᠯᠭᠦᠢ ᠦᠢᠯᠡᠳᠪᠦᠷᠢᠯᠡᠯ ᠤᠨ ᠰᠢᠨ᠎ᠡ ᠪᠠᠶᠢᠳᠠᠯ᠂ ᠰᠢᠨ᠎ᠡ ᠡᠭᠦᠷᠭᠡ ᠶᠢᠨ ᠱᠠᠭᠠᠷᠳᠠᠯᠭ᠎ᠠ ᠳᠤ ᠢᠳᠡᠪᠬᠢᠲᠡᠢ ᠵᠣᠬᠢᠴᠠᠵᠤ᠂ ᠮᠠᠨ ᠤ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠳᠤᠷᠠᠳᠤᠭᠰᠠᠨ ᠠᠶᠤᠯᠭᠦᠢ ᠦᠢᠯᠡᠳᠪᠦᠷᠢᠯᠡᠯ ᠤᠨ ᠬᠦᠷᠢᠶᠡᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠳᠤ ︽ᠲᠤᠰᠬᠠᠢ ᠮᠡᠷᠭᠡᠵᠢᠯᠲᠡᠨ + ᠬᠠᠤᠯᠢ ᠬᠡᠷᠡᠭᠵᠢᠭᠦᠯᠬᠦ︾ ᠵᠠᠭᠪᠤᠷ ᠤᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠳᠤᠬᠤ ᠶᠢᠨ ᠲᠦᠯᠦᠭᠡ᠂ ᠤᠢᠢᠷ᠎ᠠ ᠳᠤ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶ᠎ᠠ ᠬᠥᠬᠡᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶ᠎ᠠ ᠶᠢᠨ ᠲᠤᠰᠬᠠᠢ ᠮᠡᠷᠭᠡᠵᠢᠯᠲᠡᠨ ᠤ ᠬᠥᠮᠥᠷᠭᠡ ᠶᠢᠨ ᠲᠤᠰᠬᠠᠢ ᠮᠡᠷᠭᠡᠵᠢᠯᠲᠡᠨ ᠢ ᠤᠷᠢᠵᠤ ᠠᠶᠤᠯᠭᠦᠢ ᠦᠢᠯᠡᠳᠪᠦᠷᠢᠯᠡᠯ ᠤᠨ ᠲᠤᠰᠬᠠᠢ ᠪᠠᠶᠢᠴᠠᠭᠠᠯᠲᠠ ᠶᠢᠨ ᠠᠵᠢᠯ ᠥᠷᠨᠢᠭᠦᠯᠵᠡᠢ᠃      ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠢᠨ ᠲᠣᠭᠲᠠᠬᠤ ᠠᠵᠤ ᠦᠢᠯᠡᠳᠪᠦᠷᠢ ᠶᠢᠨ ᠬᠦᠷᠢᠶᠡᠯᠡᠩ ᠤᠨ ᠥᠪᠥᠷ ᠮᠣᠩᠭᠤᠯ ᠤᠨ ᠪᠠᠢ ᠺᠧ ᠠᠮᠢᠳᠤ ᠪᠣᠳᠠᠰ ᠤᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠠᠮᠤᠷ ᠲᠦᠪᠰᠢᠨ ᠤ ᠪᠠᠶᠢᠴᠠᠭᠠᠯᠲᠠ ᠬᠢᠵᠡᠢ᠃ ᠪᠠᠶᠢᠴᠠᠭᠠᠬᠤ ᠶᠠᠪᠤᠴᠠ ᠳᠤ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠦᠢᠯᠡᠳᠪᠦᠷᠢᠯᠡᠯ ᠤᠨ ᠲᠠᠰᠤᠭ ᠪᠣᠯᠤᠨ ᠬᠥᠮᠥᠷᠭᠡᠯᠡᠨ ᠬᠠᠳᠠᠭᠠᠯᠠᠬᠤ ᠲᠣᠭᠤᠷᠢᠭ ᠲᠤ ᠭᠦᠨᠵᠡᠭᠡᠶᠢᠷᠡᠵᠦ᠂ ᠦᠢᠯᠡᠳᠪᠦᠷᠢᠯᠡᠯ ᠤᠨ ᠣᠷᠣᠨ ᠪᠦᠰᠡ ᠵᠢᠴᠢ ᠬᠠᠳᠠᠭᠠᠯᠠᠯᠲᠠ ᠶᠢᠨ ᠲᠥᠬᠦᠭᠡᠷᠦᠮᠵᠢ ᠶᠢᠨ ᠲᠤᠬᠠᠶ ᠶᠢᠨ ᠲᠠᠯᠠᠪᠠᠶ ᠶᠢᠨ ᠬᠠᠮᠢᠶᠠᠷᠤᠯᠲᠠ ᠶᠢᠨ ᠪᠠᠶᠢᠳᠠᠯ᠂ ᠦᠢᠯᠡᠳᠪᠦᠷᠢᠯᠡᠯ ᠤᠨ ᠲᠥᠬᠦᠭᠡᠷᠦᠮᠵᠢ ᠶᠢᠨ ᠡᠳᠦᠷ ᠲᠤᠲᠤᠮ ᠤᠨ ᠠᠮᠤᠷ ᠲᠦᠪᠰᠢᠨ ᠤ ᠬᠠᠮᠢᠶᠠᠷᠤᠯᠲᠠ᠂ ᠭᠠᠯ ᠤᠨᠲᠠᠷᠠᠭᠠᠬᠤ ᠲᠥᠬᠦᠭᠡᠷᠦᠮᠵᠢ ᠶᠢᠨ ᠬᠠᠮᠠᠭᠠᠯᠠᠯᠲᠠ᠂ ᠠᠵᠢᠯᠲᠠᠨ ᠤ ᠠᠮᠤᠷ ᠲᠦᠪᠰᠢᠨ ᠤ ᠪᠣᠯᠪᠠᠰᠤᠷᠠᠯ ᠵᠡᠷᠭᠡ ᠴᠢᠬᠤᠯᠠ ᠣᠷᠣᠨ ᠪᠠᠶᠢᠷᠢ᠂ ᠵᠠᠩᠭᠢᠯᠠᠭ᠎ᠠ ᠶᠢᠨ ᠭᠤᠭᠴᠤᠭ᠎ᠠ ᠳᠤ ᠭᠤᠣᠯᠳᠠᠯᠭ᠎ᠠ ᠲᠠᠢ ᠪᠠᠶᠢᠴᠠᠭᠠᠯᠲᠠ ᠬᠢᠪᠡ᠃ ᠲᠡᠷᠡᠴᠢᠯᠡᠨ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠠᠶᠤᠯᠭᠦᠢ ᠦᠢᠯᠡᠳᠪᠦᠷᠢᠯᠡᠯ ᠤᠨ ᠬᠦᠷᠢᠶᠡᠨ ᠤ ᠲᠤᠰᠬᠠᠢ ᠮᠡᠷᠭᠡᠵᠢᠯᠲᠡᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠭᠡᠮ ᠰᠣᠭᠤᠭ ᠢ ᠪᠠᠶᠢᠴᠠᠭᠠᠨ ᠵᠠᠰᠠᠬᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠠᠳᠡᠯ ᠢ ᠪᠠᠶᠢᠴᠠᠭᠠᠬᠤ ᠲᠠᠯ᠎ᠠ ᠪᠠᠷ ᠬᠢ ᠤᠶᠤᠨ ᠤ ᠳᠠᠪᠠᠭᠤᠯᠢᠭ ᠪᠣᠯᠤᠨ ᠮᠡᠷᠭᠡᠵᠢᠯ ᠤᠨ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠪᠠᠯᠭᠠᠰᠤ᠂ ᠡᠯ᠎ᠡ ᠠᠵᠤ ᠠᠬᠤᠶᠢᠯᠠᠯ᠂ ᠡᠯ᠎ᠡ ᠰᠠᠯᠠᠭ᠎ᠠ ᠮᠥᠴᠢᠷ ᠤᠨ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠳᠤ ᠠᠰᠢᠭᠲᠠᠢ ᠵᠢᠯᠤᠭᠤᠳᠤᠯᠭ᠎ᠠ ᠬᠠᠩᠭᠠᠵᠠᠢ᠃      ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠠᠶᠤᠯᠭᠦᠶ ᠦᠶ᠋ᠯᠡᠳᠪᠦᠷᠢᠯᠡᠯ ᠤᠨ ᠲᠤᠰᠬᠠᠶ ᠮᠡᠷᠭᠡᠵᠢᠯᠲᠡᠨ ᠸᠠᠩ ᠯᠢᠨ ᠴᠦᠨ ︽ᠪᠢ ᠪᠣᠯ ᠨᠢᠭᠡᠨ ᠠᠮᠤᠷ ᠲᠦᠪᠰᠢᠨ ᠤ ᠢᠨᠵᠧᠨᠧᠷ ᠮᠥᠨ᠂ ᠡᠨᠡ ᠤᠳᠠᠭ᠎ᠠ ᠲᠣᠭᠲᠠᠬᠤ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶ᠎ᠠ ᠶᠢᠨ ᠨᠠᠶᠢᠳᠠᠯᠭ᠎ᠠ ᠪᠠᠷ᠂ ᠬᠠᠷᠢᠶ᠎ᠠ ᠣᠷᠣᠨ ᠤ ᠠᠵᠤ ᠠᠬᠤᠶᠢᠯᠠᠯ ᠳᠤ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠥᠨᠥᠳᠦᠷ ᠠᠵᠤ ᠦᠢᠯᠡᠳᠪᠦᠷᠢ ᠶᠢᠨ ᠬᠦᠷᠢᠶᠡᠯᠡᠩ ᠤᠨ ᠪᠠᠢ ᠺᠧ ᠺᠣᠮᠫᠠᠨᠢ ᠳᠤ ᠢᠷᠡᠵᠠᠢ᠂ ᠮᠠᠨ ᠤ ᠬᠡᠳᠦᠨ ᠲᠤᠰᠬᠠᠢ ᠮᠡᠷᠭᠡᠵᠢᠯᠲᠡᠨ ᠠᠮᠤᠷ ᠲᠦᠪᠰᠢᠨ ᠤ ᠰᠠᠭᠤᠷᠢ ᠬᠠᠮᠢᠶᠠᠷᠤᠯᠲᠠ᠂ ᠳᠠᠪᠬᠤᠷ ᠰᠡᠷᠭᠡᠶᠢᠯᠡᠯᠲᠡ ᠶᠢᠨ ᠲᠣᠭᠲᠠᠴᠠ ᠶᠢᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠭᠤᠷᠪᠠᠨ ᠵᠢᠯ ᠤᠨ ᠴᠡᠭᠴᠡᠯᠡᠨ ᠵᠠᠰᠠᠬᠤ ᠠᠵᠢᠯᠯᠠᠭ᠎ᠠ ᠵᠡᠷᠭᠡ ᠲᠠᠯ᠎ᠠ ᠪᠠᠷ ᠪᠦᠬᠦ ᠲᠠᠯ᠎ᠠ ᠪᠠᠷ ᠨᠠᠷᠢᠨ ᠨᠢᠮᠪᠠᠢ ᠪᠠᠶᠢᠴᠠᠭᠠᠯᠲᠠ ᠬᠢᠵᠡᠢ᠃ ᠪᠠᠶᠢᠴᠠᠭᠠᠯᠲᠠ ᠪᠠᠷ ᠳᠡᠮᠵᠢᠨ ᠺᠣᠮᠫᠠᠨᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠪᠠᠭᠤᠷᠠᠶ ᠲᠠᠯ᠎ᠠ ᠶᠢ ᠢᠯᠡᠷᠡᠭᠦᠯᠵᠦ᠂ ᠡᠭᠦᠨ ᠤ ᠵᠡᠷᠭᠡ ᠳᠤ ᠲᠤᠬᠠᠶ ᠶᠢᠨ ᠲᠠᠯᠠᠪᠤᠷ ᠲᠤ ᠣᠷᠣᠰᠢᠵᠤ ᠪᠠᠶᠢᠭ᠎ᠠ ᠵᠠᠷᠢᠮ ᠳᠠᠯᠳᠠ ᠬᠡᠮ ᠢ ᠣᠯᠵᠤ ᠮᠡᠳᠡᠭᠰᠡᠨ ᠪᠠᠶᠢᠨ᠎ᠠ᠂ ᠡᠳᠡᠭᠡᠷ ᠠᠰᠠᠭᠤᠳᠠᠯ ᠤᠨ ᠣᠯᠠᠩᠬᠢ ᠨᠢ ᠠᠵᠤ ᠠᠬᠤᠶᠢᠯᠠᠯ ᠤᠨ ᠥᠪᠡᠰᠦᠪᠡᠨ ᠪᠠᠶᠢᠴᠠᠭᠠᠬᠤ ᠳᠤ ᠣᠯᠵᠤ ᠮᠡᠳᠡᠬᠦᠶ᠎ᠡ ᠪᠡᠷᠬᠡ ᠠᠰᠠᠭᠤᠳᠠᠯ ᠪᠣᠯᠤᠨ᠎ᠠ᠂ ᠢᠩᠭᠢᠭᠰᠡᠨ ᠢᠶᠠᠷ ᠺᠣᠮᠫᠠᠨᠢ ᠶᠢᠨ ᠬᠤᠶᠢᠰᠢᠳᠠ ᠶᠢᠨ ᠰᠠᠶᠢᠵᠢᠷᠠᠭᠤᠯᠤᠯᠲᠠ ᠳᠤ ᠴᠢᠭᠯᠡᠯ ᠪᠠ ᠭᠤᠣᠯᠳᠠᠯᠭ᠎ᠠ ᠶᠢ ᠲᠣᠳᠣᠷᠬᠠᠶ ᠵᠢᠭᠠᠨ ᠥᠭᠴᠦ᠂ ᠠᠵᠤ ᠠᠬᠤᠶᠢᠯᠠᠯ ᠤᠨ ᠳᠡᠭᠡᠭᠰᠢᠯᠡᠯᠲᠡ ᠳᠤ ᠰᠠᠭᠤᠷᠢ ᠲᠠᠯᠪᠢᠵᠤ᠂ ᠠᠵᠤ ᠠᠬᠤᠶᠢᠯᠠᠯ ᠤᠨ ᠬᠡᠷᠡᠭᠴᠡᠭᠡ ᠶᠢ ᠰᠢᠢᠳᠪᠦᠷᠢᠯᠡᠨ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠠᠳ ᠣᠯᠠᠨ ᠤ ᠠᠮᠤᠷ ᠲᠦᠪᠰᠢᠨ ᠤ ᠰᠡᠳᠬᠢᠯᠭᠡ ᠪᠠ ᠵᠣᠯ ᠵᠢᠷᠭᠠᠯ ᠤᠨ ᠰᠡᠳᠬᠢᠭᠳᠡᠯ ᠢ ᠨᠡᠮᠡᠭᠳᠡᠭᠦᠯᠦᠭᠰᠡᠨ ᠪᠠᠶᠢᠨ᠎ᠠ︾ ᠭᠡᠵᠡᠶ᠃      ︽ᠰᠢᠶᠠᠨ ᠤ ᠵᠠᠰᠠᠭ ᠤᠨ ᠣᠷᠳᠣᠨ ᠡᠨᠡ ᠤᠳᠠᠭ᠎ᠠ ᠠᠮᠤᠷ ᠲᠦᠪᠰᠢᠨ ᠤ ᠲᠤᠰᠬᠠᠶ ᠮᠡᠷᠭᠡᠵᠢᠯᠲᠡᠨ ᠳᠤ ᠨᠠᠶᠢᠳᠠᠵᠤ᠂ ᠮᠠᠨ ᠤ ᠺᠣᠮᠫᠠᠨᠢ ᠶᠢᠨ ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠳᠤ ᠪᠦᠬᠦ ᠲᠠᠯ᠎ᠠ ᠶᠢᠨ ᠣᠨᠣᠰᠢᠯᠠᠯᠲᠠ ᠬᠢᠭᠰᠡᠨ ᠡᠨᠡ ᠬᠦ ᠬᠡᠯᠪᠡᠷᠢ ᠨᠢ ᠮᠠᠰᠢ ᠰᠠᠶᠢᠨ᠂ ᠲᠤᠰᠬᠠᠶ ᠮᠡᠷᠭᠡᠵᠢᠯᠲᠡᠳ ᠬᠤᠶᠠᠷ ᠡᠳᠦᠷ ᠤᠨ ᠴᠠᠭ ᠢ ᠠᠰᠢᠭᠯᠠᠨ ᠮᠠᠰᠢ ᠨᠠᠷᠢᠨ ᠨᠢᠮᠪᠠᠶ᠂ ᠮᠠᠰᠢ ᠲᠤᠰᠬᠠᠶ ᠮᠡᠷᠭᠡᠵᠢᠯ ᠤᠨ ᠪᠠᠶᠢᠴᠠᠭᠠᠯᠲᠠ ᠬᠢᠵᠦ᠂ ᠮᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠳᠤ ᠮᠠᠰᠢ ᠣᠯᠠᠨ ᠠᠰᠠᠭᠤᠳᠠᠯ ᠳᠤᠷᠠᠳᠤᠭᠰᠠᠨ ᠪᠠᠶᠢᠨ᠎ᠠ᠂ ᠪᠢᠳᠡ ᠵᠠᠰᠠᠭ ᠤᠨ ᠣᠷᠳᠣᠨ ᠤ ᠬᠢᠨᠠᠯᠲᠠ ᠪᠠ ᠲᠤᠰᠬᠠᠶ ᠮᠡᠷᠭᠡᠵᠢᠯᠲᠡᠨ ᠤ ᠵᠢᠯᠣᠭᠤᠳᠣᠯᠭ᠎ᠠ ᠶᠢ ᠬᠦᠯᠢᠶᠡᠵᠦ ᠪᠠᠶᠢᠨ᠎ᠠ᠂ ᠪᠠᠶᠢᠴᠠᠭᠠᠵᠤ ᠪᠠᠷᠠᠭᠰᠠᠨ ᠤ ᠳᠠᠷᠠᠭ᠎ᠠ ᠲᠡᠷᠡ ᠳᠠᠷᠤᠶ ᠳᠤᠨᠢ ᠬᠤᠯᠪᠣᠭᠳᠠᠯ ᠪᠦᠬᠦᠢ ᠬᠥᠮᠦᠰ ᠢ ᠵᠣᠬᠢᠶᠠᠨ ᠪᠠᠶᠢᠭᠤᠯᠤᠨ ᠬᠤᠷᠢᠶᠠᠩᠭᠤᠶᠢᠯᠠᠵᠤ᠂ ᠴᠡᠭᠴᠡᠯᠡᠨ ᠥᠭᠡᠷᠡᠴᠢᠯᠡᠵᠦ᠂ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠡ︾ ᠭᠡᠵᠦ ᠥᠪᠥᠷ ᠮᠣᠩᠭᠤᠯ ᠤᠨ ᠪᠠᠢ ᠺᠧ ᠠᠮᠢᠳᠤ ᠪᠣᠳᠠᠰ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠢᠦ ᠪᠢᠨ ᠬᠡᠯᠡᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1