ᠣᠶᠢᠷ᠎ᠠ ᠳᠤ᠂ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠳᠡᠭᠡᠳᠦ | ᠱᠠᠲᠤᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠨᠠᠷᠢᠨ ᠨᠢᠮᠪᠠᠶ ᠵᠣᠬᠢᠶᠠᠨ | ᠪᠠᠶᠢᠭᠤᠯᠵᠤ᠂ ᠨᠠᠷᠢᠨ ᠨᠢᠮᠪᠠᠶ ᠳᠣᠭᠢᠷᠠᠭᠤᠯᠤᠨ᠂ ᠪᠥᠬᠦ ᠰᠢᠶᠠᠨ ᠤ ᠵᠡᠮᠳᠡᠭ ᠴᠡᠷᠢᠭ᠂ ᠵᠡᠮᠳᠡᠭ ᠠᠷᠠᠳ ᠤᠨ | ᠴᠠᠭᠳᠠᠭ᠎ᠠ ᠶᠢᠨ ᠵᠡᠮᠳᠡᠭᠴᠦᠳ ᠤᠨ ᠦᠨᠡᠮᠯᠡᠯ ᠢ ᠰᠣᠯᠢᠵᠤ ᠣᠯᠭᠤᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠡᠶ᠃ | | ᠵᠡᠮᠳᠡᠭᠴᠦᠳ ᠤᠨ ᠦᠨᠡᠮᠯᠡᠯ ᠰᠣᠯᠢᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠡᠯ᠎ᠡ ᠪᠠᠯᠭᠠᠰᠤᠨ ᠤ | ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠰᠠᠨᠠᠭᠠᠴᠢᠯᠠᠭ᠎ᠠ ᠠᠴᠠ ᠪᠠᠨ ᠬᠠᠷᠢᠶᠠᠲᠤ ᠣᠷᠣᠨ ᠤ | ᠵᠡᠮᠳᠡᠭ ᠬᠥᠮᠦᠰ ᠲᠠᠢ ᠬᠠᠷᠢᠯᠴᠠᠵᠤ᠂ ᠪᠡᠯᠡᠳᠬᠡᠬᠦ ᠴᠢᠬᠤᠯᠠᠲᠠᠶ ᠮᠡᠳᠡᠭᠦᠯᠬᠦ ᠮᠠᠲ᠋ᠧᠷᠢᠶᠠᠯ ᠵᠢᠴᠢ ᠭᠦᠢᠴᠡᠳᠭᠡᠬᠦ ᠴᠠᠭ ᠤᠨ | ᠬᠢᠵᠠᠭᠠᠷ ᠢ ᠨᠠᠷᠢᠨ ᠲᠣᠳᠣᠷᠬᠠᠶ ᠮᠡᠳᠡᠭᠳᠡᠵᠦ᠂ ᠵᠡᠮᠳᠡᠭᠴᠦᠳ ᠤᠨ ᠲᠥᠷᠥᠯ ᠢᠯᠭᠠᠯ ᠢᠶᠠᠷ ᠪᠦᠯᠦᠭ ᠤᠳᠠᠭ᠎ᠠ ᠬᠤᠪᠢᠶᠠᠨ | ᠭᠤᠶᠤᠴᠢᠯᠠᠬᠤ ᠮᠠᠲ᠋ᠧᠷᠢᠶᠠᠯ ᠢᠶᠠᠨ ᠳᠡᠭᠡᠭᠰᠢ ᠮᠡᠳᠡᠭᠦᠯᠵᠦ᠂ ᠨᠢᠭᠡ ᠯᠡ ᠤᠳᠠᠭ᠎ᠠ ᠳᠤ ᠰᠢᠢᠳᠪᠦᠷᠢᠯᠡᠵᠦ | ᠳᠠᠭᠤᠰᠬᠠᠬᠤ ᠪᠠᠷ ᠴᠢᠷᠮᠠᠶᠢᠨ᠎ᠠ᠃ ᠡᠭᠦᠨ ᠤ ᠵᠡᠷᠭᠡ ᠳᠤ᠂ ᠬᠥᠳᠡᠯᠵᠦ ᠪᠠᠷᠢᠬᠤ ᠳᠤ ᠳᠥᠭᠦᠮ ᠦᠭᠡᠢ ᠵᠡᠮᠳᠡᠭ | ᠬᠥᠮᠦᠰ ᠲᠤ ᠬᠡᠷ ᠲᠤᠨᠢ ᠬᠦᠷᠴᠦ ᠦᠢᠯᠡᠴᠢᠯᠡᠭᠡ ᠬᠠᠩᠭᠠᠵᠤ᠂ ᠭᠡᠷᠡᠴᠢ ᠦᠨᠡᠮᠯᠡᠯ ᠤᠨ ᠮᠡᠳᠡᠭᠡ ᠵᠠᠩᠭᠢ ᠶᠢᠨ ᠵᠥᠪ | ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠵᠤ᠂ ᠲᠣᠰ ᠪᠡᠶ᠎ᠡ ᠶᠢᠨ ᠡᠷᠬᠡ ᠠᠰᠢᠭ ᠢ ᠦᠨᠡᠨ ᠬᠦ ᠪᠠᠲᠤᠯᠠᠨ᠎ᠠ᠃ | ᠦᠨᠡᠮᠯᠡᠯ ᠰᠣᠯᠢᠬᠤ ᠠᠵᠢᠯ ᠢ ᠤᠨᠢᠨ ᠳᠡᠭᠡᠷ᠎ᠡ ᠨᠢ᠂ ᠪᠦᠬᠦᠨ ᠢ ᠬᠠᠮᠤᠷᠬᠤ ᠶᠢ ᠪᠡᠶᠡᠯᠡᠭᠦᠯᠬᠦ ᠶᠢᠨ ᠲᠥᠯᠥᠭᠡ᠂ | ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠠᠴᠠ ᠥᠩᠭᠡᠷᠡᠭᠰᠡᠨ ᠵᠢᠯ ᠤᠳ ᠤᠨ | ᠵᠡᠮᠳᠡᠭᠴᠦᠳ ᠤᠨ ᠴᠠᠭᠠᠰᠤᠨ ᠳᠠᠩᠰᠠ ᠡᠪᠬᠡᠮᠡᠯ ᠪᠣᠯᠤᠨ ᠡᠯᠧᠺᠲᠷᠣᠨ ᠳᠠᠩᠰᠠ ᠡᠪᠬᠡᠮᠡᠯ ᠢ ᠨᠢᠭᠡᠳ ᠨᠢᠭᠡ ᠪᠠᠷ | ᠬᠠᠷᠭᠤᠭᠤᠯᠵᠤ᠂ ᠦᠨᠳᠦᠰᠦᠨ ᠮᠡᠳᠡᠭᠡ ᠵᠠᠩᠭᠢ᠂ ᠵᠡᠮᠳᠡᠭ ᠤᠨ ᠪᠠᠶᠢᠳᠠᠯ ᠪᠠ ᠵᠡᠷᠭᠡ ᠳᠡᠰ ᠢ ᠦᠨᠳᠦᠰᠦᠯᠡᠨ᠂ ᠨᠢᠭᠡ | ᠬᠥᠮᠦᠨ ᠳᠤ ᠨᠢᠭᠡ ᠲᠠᠩᠰᠠ ᠡᠪᠬᠡᠮᠡᠯ ᠢ ᠬᠡᠷᠡᠭᠵᠢᠭᠦᠯᠵᠦ᠂ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ | ᠲᠡᠭᠦᠯᠳᠡᠷᠵᠢᠭᠦᠯᠦᠨ᠂ ᠳ᠋ᠤᠭᠠᠷᠯᠠᠯ ᠢ ᠨᠢᠭᠡᠳᠦᠯᠲᠡᠶ ᠡᠮᠬᠢᠯᠡᠵᠦ᠂ ᠲᠠᠩᠰᠠ ᠡᠪᠬᠡᠮᠡᠯ ᠤᠨ ᠲᠠᠰ ᠳᠠᠷᠠᠭᠠᠯᠠᠯ ᠢ ᠡᠮᠬᠢᠯᠡᠵᠦ᠂ | ᠣᠲᠣ ᠶᠢᠨ ᠪᠠᠶᠢᠭ᠎ᠠ ᠵᠡᠮᠳᠡᠭᠴᠦᠳ ᠤᠨ ᠦᠨᠡᠮᠯᠡᠯ ᠤᠨ ᠬᠡᠷᠡᠯ ᠵᠢᠷᠤᠭ᠂ ᠦᠨᠡᠮᠯᠡᠯ ᠨᠥᠬᠦᠪᠥᠷᠢᠯᠡᠬᠦ᠂ ᠦᠨᠡᠮᠯᠡᠯ | ᠰᠣᠯᠢᠬᠤ᠂ ᠵᠡᠮᠳᠡᠭ ᠢ ᠬᠤᠪᠢᠷᠠᠭᠤᠯᠬᠤ᠂ ᠵᠡᠮᠳᠡᠭ ᠢ ᠦᠨᠡᠯᠡᠬᠦ ᠠᠩᠬᠠᠨ ᠤ ᠮᠠᠲ᠋ᠧᠷᠢᠶᠠᠯ ᠵᠡᠷᠭᠡ ᠶᠢ ᠪᠠᠭᠲᠠᠭᠠᠭᠰᠠᠨ | ᠬᠤᠪᠢ ᠬᠥᠮᠦᠨ ᠤ ᠪᠣᠶ ᠪᠥᠬᠦᠶ ᠬᠠᠮᠢᠶ᠎ᠠ ᠪᠥᠬᠦᠶ ᠮᠠᠲ᠋ᠧᠷᠢᠶᠠᠯ ᠢ ᠨᠡᠶᠢᠯᠡᠭᠦᠯᠵᠦ᠂ ᠪᠥᠬᠦ ᠰᠢᠶᠠᠨ ᠤ ᠴᠡᠷᠢᠭ ᠠᠴᠠ | ᠬᠠᠯᠠᠭᠳᠠᠭᠰᠠᠳ ᠵᠡᠮᠳᠡᠭᠴᠦᠳ ᠤᠨ ᠲᠠᠩᠰᠠ ᠡᠪᠬᠡᠮᠡᠯ ᠤᠨ ᠮᠠᠲ᠋ᠧᠷᠢᠶᠠᠯ ᠢ ᠪᠦᠷᠢᠨ ᠭᠦᠢᠴᠡᠳ᠂ ᠨᠢᠭᠡᠳᠦᠯᠲᠡᠶ | ᠬᠠᠮᠢᠶᠠᠷᠬᠤ ᠶᠢ ᠪᠡᠶᠡᠯᠡᠭᠦᠯᠦᠨ᠎ᠡ᠃ | ᠵᠡᠮᠳᠡᠭᠴᠦᠳ ᠤᠨ ᠦᠨᠡᠮᠯᠡᠯ ᠰᠣᠯᠢᠬᠤ ᠠᠵᠢᠯ ᠢ ᠰᠠᠶᠢᠲᠤᠷ ᠬᠢᠬᠦ ᠪᠣᠯ ︽ᠪᠢ ᠠᠰᠠᠷᠠᠨ ᠬᠠᠷᠠᠭᠠᠯᠵᠠᠬᠤ | ᠡᠲᠡᠭᠡᠳ ᠲᠤ ᠪᠣᠳᠠᠲᠠᠶ ᠠᠵᠢᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠰᠠᠶᠢᠲᠤᠷ ᠥᠷᠨᠢᠭᠦᠯᠬᠦ ᠶᠢᠨ | ᠴᠢᠬᠤᠯᠠ ᠭᠤᠭᠴᠤᠭ᠎ᠠ ᠪᠣᠯᠤᠨ᠎ᠠ᠃ 7 ᠳ᠋ᠤᠭᠠᠷ ᠰᠠᠷ᠎ᠠ ᠶᠢᠨ 29 ᠤ ᠡᠳᠦᠷ ᠪᠣᠯᠲᠠᠯ᠎ᠠ᠂ ᠮᠠᠨ ᠤ ᠰᠢᠶᠠᠨ ᠦᠨᠡᠮᠯᠡᠯ | ᠰᠣᠯᠢᠬᠤ ᠠᠵᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠨᠡᠶᠢᠲᠡ 76 ᠵᠡᠮᠳᠡᠭ ᠴᠡᠷᠢᠭ᠂ 1 ᠵᠡᠮᠳᠡᠭ | ᠠᠷᠠᠳ ᠤᠨ ᠴᠠᠭᠳᠠᠭ᠎ᠠ ᠶᠢᠨ ᠦᠨᠡᠮᠯᠡᠯ ᠢ ᠴᠠᠭ ᠲᠤᠬᠠᠶ ᠳᠤᠨᠢ ᠰᠣᠯᠢᠵᠤ ᠥᠭᠴᠡᠶ᠃ | | |