︽ᠰᠢᠷᠠᠯᠵᠢ ᠡᠪᠡᠰᠦ ᠶᠢ ᠠᠷᠢᠯᠭᠠᠵᠦ ᠬᠠᠷᠰᠢᠬᠤ ᠶᠢ ᠰᠡᠷᠭᠡᠶᠢᠯᠡᠬᠦ︾ ᠠᠷᠠᠳ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ ᠦᠢᠯᠡᠳᠦᠯᠭᠡ ᠶᠢᠨ ᠠᠵᠢᠯᠯᠠᠭ᠎ᠠ ᠦᠷᠭᠦᠯᠵᠢᠯᠡᠨ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2021/8/17
      8 ᠳ᠋ᠤᠭᠠᠷ ᠰᠠᠷ᠎ᠠ ᠶᠢᠨ 14 ᠤ ᠡᠳᠦᠷ᠂ ᠲᠣᠭᠲᠠᠬᠤ ᠰᠢᠶᠠᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠭᠠᠷᠠᠭ ᠤᠨ ᠰᠡᠭᠦᠯᠴᠢ ᠶᠢᠨ ᠠᠮᠠᠷᠠᠯᠲᠠ ᠶᠢᠨ ᠴᠠᠭ ᠢᠶᠠᠨ ᠠᠰᠢᠭᠯᠠᠨ ᠠᠷᠠᠳ ᠲᠤ ᠪᠣᠳᠠᠲᠠᠶ ᠠᠵᠢᠯ ᠬᠢᠵᠦ ᠥᠭᠬᠦ ᠦᠢᠯᠡᠳᠦᠯᠭᠡ ᠶᠢᠨ ᠠᠵᠢᠯᠯᠠᠭ᠎ᠠ ᠶᠢ ᠳᠠᠬᠢᠨᠲᠠ ᠥᠷᠨᠢᠭᠦᠯᠵᠦ᠂ ᠰᠢᠶᠠᠨ ᠤ ᠤᠳᠤᠷᠢᠳᠤᠯᠭ᠎ᠠ ᠲᠦᠷᠦᠭᠦᠯᠡᠨ᠂ ᠠᠷᠠᠳ ᠣᠯᠠᠨ ᠢᠳᠡᠪᠬᠢᠲᠡᠶ ᠪᠠᠷ ᠴᠤᠤᠷᠢᠶᠠᠲᠤᠨ ᠳᠠᠭᠠᠵᠤ᠂ ᠭᠤᠷᠪᠠᠨ ᠮᠢᠩᠭ᠎ᠠ ᠭᠠᠷᠤᠶ ᠺᠠᠳ᠋ᠷ ᠣᠯᠠᠨ ᠲᠦᠮᠡᠨ ᠴᠡᠴᠡᠷᠯᠢᠭ᠂ ᠨᠡᠶᠢᠭᠡᠮ ᠲᠣᠭᠤᠷᠢᠭ᠂ ᠬᠤᠲᠠ ᠶᠢᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠪᠦᠰᠡ ᠵᠡᠷᠭᠡ ᠣᠷᠣᠨ ᠪᠦᠰᠡ ᠳᠤ ᠰᠢᠷᠠᠯᠵᠢ ᠡᠪᠡᠰᠦ ᠠᠷᠢᠯᠭᠠᠬᠤ ᠠᠵᠢᠯᠯᠠᠭ᠎ᠠ ᠦᠷᠭᠦᠯᠵᠢᠯᠡᠨ ᠶᠠᠪᠤᠭᠳᠠᠵᠤ ᠪᠠᠶᠢᠨ᠎ᠠ᠃      ᠡᠭᠦᠨ ᠠᠴᠠ ᠡᠮᠦᠨᠡᠬᠢ ᠬᠡᠳᠦᠨ ᠤᠳᠠᠭᠠᠨ ᠤ ︽ᠰᠢᠷᠠᠯᠵᠢ ᠡᠪᠡᠰᠦ ᠠᠷᠢᠯᠭᠠᠬᠤ ᠬᠠᠷᠰᠢᠬᠤ ᠠᠴᠠ ᠰᠡᠷᠭᠡᠶᠢᠯᠡᠬᠦ︾ ᠠᠵᠢᠯᠯᠠᠭ᠎ᠠ ᠪᠠᠷ ᠳᠡᠮᠵᠢᠨ᠂ ᠪᠦᠬᠦ ᠰᠢᠶᠠᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ︽ᠬᠠᠮᠢᠭᠠᠬᠢ ᠰᠢᠷᠠᠯᠵᠢ ᠡᠪᠡᠰᠦ ᠶᠢ ᠦᠭᠲᠡᠭᠡᠵᠦ ᠬᠠᠶᠠᠬᠤ᠂ ᠶᠠᠮᠠᠷ ᠰᠢᠷᠠᠯᠵᠢ ᠡᠪᠡᠰᠦ ᠶᠢ ᠦᠭᠲᠡᠭᠡᠵᠦ ᠬᠠᠶᠠᠬᠤ᠂ ᠳᠡᠷᠭᠡᠳᠡᠬᠢ ᠰᠢᠷᠠᠯᠵᠢ ᠡᠪᠡᠰᠦ ᠶᠢ ᠦᠭᠲᠡᠭᠡᠵᠦ ᠬᠠᠶᠠᠭᠰᠠᠨ ᠤ ᠦᠷ᠎ᠡ ᠪᠦᠲᠦᠮᠵᠢ︾ ᠶᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠵᠠᠶ᠃ ᠤᠯᠠᠨ ᠤᠳᠠᠭ᠎ᠠ ᠶᠢᠨ ᠠᠵᠢᠯᠯᠠᠭ᠎ᠠ ᠪᠠᠷ ᠲᠠᠮᠵᠢᠨ ᠬᠥᠮᠦᠰ ᠤᠨ ᠣᠷᠣᠰᠢᠨ ᠠᠮᠢᠳᠤᠷᠠᠬᠤ ᠪᠠ ᠠᠵᠢᠯ ᠤᠨ ᠣᠷᠴᠢᠨ ᠲᠣᠭᠤᠷᠢᠨ ᠤ ᠡᠷᠬᠢᠨ ᠲᠣᠭᠤᠷᠢᠨ ᠤ ᠰᠢᠷᠠᠯᠵᠢ ᠡᠪᠡᠰᠦ ᠶᠢ ᠶᠡᠭᠡ ᠬᠡᠮᠵᠢᠶ᠎ᠡ ᠪᠠᠷ ᠴᠡᠪᠡᠷᠯᠡᠨ ᠠᠷᠢᠯᠭᠠᠵᠤ᠂ ᠬᠥᠮᠦᠨ ᠤ ᠬᠦᠴᠦᠨ ᠤ ᠬᠡᠪᠴᠢᠶᠡᠨ ᠳᠤ ᠰᠢᠷᠠᠯᠵᠢ ᠡᠪᠡᠰᠦᠨ ᠤ ᠲᠤᠭ᠎ᠠ ᠬᠡᠮᠵᠢᠶ᠎ᠡ ᠶᠢ ᠪᠦᠲᠦᠮᠵᠢᠲᠡᠢ ᠪᠠᠭᠠᠰᠬᠠᠵᠤ᠂ ᠬᠥᠮᠦᠰ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠳᠠᠬᠢ ᠰᠢᠷᠠᠯᠵᠢ ᠡᠪᠡᠰᠦᠨ ᠤ ᠴᠡᠴᠡᠭ ᠤᠨ ᠲᠣᠭᠤᠰᠣᠨ ᠤ ᠥᠳᠬᠡᠴᠡ ᠶᠢ ᠪᠦᠬᠦ ᠲᠠᠯ᠎ᠠ ᠪᠠᠷ ᠪᠠᠭᠤᠷᠠᠭᠤᠯᠵᠤ᠂ ᠪᠣᠳᠠᠭᠠᠯᠢ ᠪᠡᠶ᠎ᠡ ᠶᠢᠨ ᠬᠠᠷᠰᠢᠬᠤ  ᠬᠡᠮᠵᠢᠶ᠎ᠡ ᠪᠠ ᠬᠠᠷᠰᠢᠬᠤ ᠲᠤᠰᠬᠠᠯ ᠢ ᠪᠠᠭᠠᠰᠬᠠᠪᠠ᠃      ᠮᠠᠨ ᠤ ᠰᠢᠶᠠᠨ ᠤ ᠤᠢᠢᠷ᠎ᠠ ᠶᠢᠨ ᠬᠤᠭᠤᠴᠠᠭᠠᠨ ᠳᠤ ᠥᠷᠨᠢᠭᠦᠯᠦᠭᠰᠡᠨ ︽ᠰᠢᠷᠠᠯᠵᠢ ᠡᠪᠡᠰᠦ ᠠᠷᠢᠯᠭᠠᠬᠤ ᠬᠠᠷᠰᠢᠬᠤ ᠶᠢ ᠰᠡᠷᠭᠡᠶᠢᠯᠡᠬᠦ︾ ᠠᠵᠢᠯᠯᠠᠭ᠎ᠠ ᠨᠢ ᠠᠷᠠᠳ ᠤᠯᠠᠨ ᠤ ᠥᠷᠭᠡᠨ ᠳᠡᠯᠭᠡᠷ ᠳᠡᠮᠵᠢᠯᠭᠡ ᠪᠠ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃       ᠠᠵᠢᠯᠯᠠᠭ᠎ᠠ ᠶᠢᠨ ᠣᠶᠢᠷ᠎ᠠ ᠬᠠᠪᠢ ᠶᠢᠨ ᠰᠠᠭᠤᠭᠠᠯᠢ ᠠᠷᠠᠳ ᠰᠤᠷᠪᠤᠯᠵᠢᠯᠠᠭᠴᠢ ᠳᠤ  ᠄ ︽ᠡᠩ ᠤᠨ ᠦᠶ᠎ᠡ ᠳᠤ ᠮᠢᠨᠦ ᠬᠠᠮᠠᠷ ᠤᠨ ᠦᠷᠪᠢᠰᠦᠯ ᠬᠡᠴᠡᠭᠦᠦ ᠪᠠᠶᠢᠳᠠᠭ᠂ ᠰᠢᠷᠠᠯᠵᠢ ᠡᠪᠡᠰᠦ ᠪᠠᠷ ᠥᠩᠭᠡᠷᠡᠬᠦ ᠳᠤ ᠨᠥᠯᠥᠭᠡ ᠬᠦᠷᠳᠡᠳᠡᠭ᠂ ᠡᠶᠢᠮᠦ ᠠᠵᠢᠯᠯᠠᠭ᠎ᠠ ᠶᠡᠭᠡ ᠰᠠᠶᠢᠨ᠂ ᠲᠠᠨᠠᠷ ᠲᠤ ᠮᠠᠰᠢ ᠲᠠᠯᠠᠷᠬᠠᠵᠤ ᠪᠠᠶᠢᠨ᠎ᠠ᠂ ᠮᠠᠨ ᠤ ᠠᠷᠠᠳ ᠲᠦᠮᠡᠨ ᠤ ᠠᠮᠢᠳᠤᠷᠠᠯ ᠳᠤ ᠲᠤᠰᠠᠲᠠᠢ᠂ ᠰᠢᠷᠠᠯᠵᠢ ᠡᠪᠡᠰᠦ ᠦᠭᠲᠡᠭᠡᠬᠦ ᠠᠵᠢᠯᠯᠠᠭ᠎ᠠ ᠥᠷᠨᠢᠭᠦᠯᠦᠭᠰᠡᠨ ᠠᠴᠠ ᠨᠠᠰᠢ ᠮᠢᠨᠦ ᠬᠠᠮᠠᠷ ᠤᠨ ᠦᠷᠪᠢᠰᠦᠯ ᠤᠨ ᠪᠠᠶᠢᠳᠠᠯ ᠬᠥᠩᠭᠡᠷᠡᠵᠡᠢ᠂ ᠲᠠᠨᠠᠷ ᠲᠤ ᠮᠠᠰᠢ ᠲᠠᠯᠠᠷᠬᠠᠵᠤ ᠪᠠᠶᠢᠨ᠎ᠠ︕︾ ᠭᠡᠵᠦ ᠬᠡᠯᠡᠪᠡ᠃        ︽ᠮᠢᠨᠦ ᠳᠡᠷᠭᠡᠳᠡᠬᠢ ᠨᠠᠶᠢᠵᠠ ᠨᠥᠬᠦᠳ᠂ ᠬᠠᠮᠲᠤ ᠰᠤᠷᠤᠭᠴᠢᠳ ᠤᠨ ᠣᠯᠠᠩᠬᠢ ᠨᠢ ᠴᠥᠮ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠲᠠᠢ ᠪᠠᠶᠢᠳᠠᠭ᠂ ᠡᠨᠡ ᠤᠯᠠᠷᠢᠯ ᠪᠣᠯᠬᠤ ᠪᠦᠷᠢ ᠲᠡᠳᠡᠨ ᠤ ᠬᠠᠮᠠᠷ ᠤᠨ ᠦᠷᠪᠢᠰᠦᠯ ᠤᠨ ᠡᠪᠡᠳᠴᠢᠨ ᠤ ᠢᠯᠡᠷᠡᠯ ᠨᠢ ᠬᠥᠳᠡᠯᠵᠦ᠂ ᠠᠮᠢᠳᠤᠷᠠᠯ ᠤᠨ ᠴᠢᠨᠠᠷ ᠴᠢᠨᠰᠠᠭ᠎ᠠ ᠶᠢ ᠬᠦᠨᠳᠦ ᠨᠣᠴᠢᠲᠠᠶ ᠨᠥᠯᠥᠭᠡᠯᠡᠳᠡᠭ᠃ ᠡᠨᠡ ᠵᠢᠯ ᠤᠨ ᠵᠤᠨ ᠤ ᠠᠮᠠᠷᠠᠯᠲᠠ ᠳᠤ ᠪᠢ ᠲᠤᠭᠳᠠᠬᠤ ᠰᠢᠶᠠᠨ ᠤ ᠤᠳᠤᠷᠢᠳᠤᠯᠭ᠎ᠠ ᠠᠵᠢᠯᠲᠠᠨ ᠠᠵᠢᠯᠴᠢᠨ ᠲᠡᠷᠢᠭᠦᠯᠡᠨ ᠰᠢᠷᠠᠯᠵᠢ ᠡᠪᠡᠰᠦ ᠶᠢ ᠠᠷᠢᠯᠭᠠᠭᠰᠠᠨ ᠢ ᠰᠣᠨᠣᠰᠴᠠᠶ᠂ ᠪᠢ ᠪᠠᠰᠠ ᠢᠳᠡᠪᠬᠢᠲᠡᠶ ᠣᠷᠣᠯᠴᠠᠵᠤ᠂ ᠥᠪᠡᠷ ᠤᠨ ᠥᠴᠦᠬᠡᠨ ᠬᠦᠴᠦ ᠪᠠᠨ ᠰᠢᠪᠬᠠᠨ ᠮᠠᠨ ᠤ ᠣᠷᠣᠨ ᠰᠠᠭᠤᠴᠠ ᠶᠢᠨ ᠣᠷᠴᠢᠨ ᠲᠣᠭᠤᠷᠢᠨ ᠢᠶᠠᠨ ᠰᠠᠶᠢᠵᠢᠷᠠᠭᠤᠯᠪᠠ᠃ ᠬᠤᠶᠢᠰᠢᠳᠠ ᠲᠤᠭᠳᠠᠬᠤ ᠰᠢᠶᠠᠨ ᠤ ᠬᠢᠨ ᠡᠨᠡᠬᠦ ᠠᠵᠢᠯᠯᠠᠭ᠎ᠠ ᠶᠢ ᠢᠮᠠᠭᠲᠠ ᠥᠷᠨᠢᠭᠦᠯᠵᠦ᠂ ᠮᠠᠨ ᠤ ᠠᠮᠢᠳᠤᠷᠠᠯ ᠤᠨ ᠣᠷᠴᠢᠨ ᠨᠥᠬᠦᠴᠡᠯ ᠢ ᠨᠡᠩ ᠰᠠᠶᠢᠨ ᠰᠠᠶᠢᠬᠠᠨ ᠪᠣᠯᠭᠠᠵᠤ᠂ ᠬᠠᠮᠠᠷ ᠤᠨ ᠦᠷᠪᠢᠰᠦᠯ ᠲᠠᠢ ᠡᠪᠡᠳᠴᠢᠲᠡᠨ ᠢ ᠪᠠᠭᠠᠰᠬᠠᠬᠤ ᠶᠢ ᠬᠦᠰᠡᠵᠦ ᠪᠠᠶᠢᠨ᠎ᠠ︾ ᠭᠡᠵᠦ ᠵᠤᠨ ᠤ ᠠᠮᠠᠷᠠᠯᠲᠠ ᠶᠢᠨ ᠬᠤᠭᠤᠴᠠᠭᠠᠨ ᠳᠤ ᠨᠤᠲᠤᠭ ᠲᠠᠭᠠᠨ ᠪᠤᠴᠠᠭᠰᠠᠨ ᠤᠶᠤᠲᠠᠳ ᠰᠤᠷᠪᠤᠯᠵᠢᠯᠠᠭᠴᠢ ᠳᠤ ᠬᠡᠯᠡᠵᠡᠶ᠃      ᠳᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠦᠷᠭᠦᠯᠵᠢᠯᠡᠨ ᠬᠦᠴᠦᠯᠡᠵᠦ᠂ ᠥᠨᠢ ᠤᠳᠠᠭᠠᠨ ᠤ ᠴᠢᠷᠮᠠᠶᠢᠯᠭ᠎ᠠ ᠭᠠᠷᠭᠠᠵᠤ᠂ ︽ᠰᠢᠷᠠᠯᠵᠢ ᠡᠪᠡᠰᠦ ᠠᠷᠢᠯᠭᠠᠵᠦ ᠬᠠᠷᠰᠢᠬᠤ ᠶᠢ ᠰᠡᠷᠭᠡᠶᠢᠯᠡᠬᠦ︾ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ ᠦᠢᠯᠡᠳᠦᠯᠭᠡ ᠶᠢᠨ ᠠᠵᠢᠯᠯᠠᠭ᠎ᠠ ᠶᠢ ᠲᠠᠰᠤᠷᠠᠯᠲᠠ ᠦᠭᠡᠢ ᠠᠬᠢᠭᠤᠯᠵᠤ᠂ ᠵᠢᠯ ᠪᠦᠷᠢ ᠶᠢᠨ ︽ᠬᠠᠷᠰᠢᠮᠠᠲᠠᠭᠠᠢ ᠤᠯᠠᠷᠢᠯ︾ ᠬᠦᠷᠴᠦ ᠢᠷᠡᠬᠦ ᠠᠴᠠ ᠡᠮᠦᠨ᠎ᠡ ᠰᠢᠷᠠᠯᠵᠢ ᠡᠪᠡᠰᠦᠨ ᠤ ᠲᠤᠭ᠎ᠠ ᠬᠡᠮᠵᠢᠶ᠎ᠡ ᠶᠢ ᠪᠦᠬᠦ ᠬᠦᠴᠦᠨ ᠢᠶᠠᠷ ᠢᠶᠠᠨ ᠴᠡᠪᠡᠷᠯᠡᠵᠦ᠂ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ ᠡᠯ᠎ᠡ ᠵᠦᠢᠯ ᠤᠨ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1