ᠰᠢᠶᠠᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ ᠬᠤᠶᠠᠳᠤᠭᠠᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/8/17
       8 ᠳ᠋ᠤᠭᠠᠷ ᠰᠠᠷ᠎ᠠ ᠶᠢᠨ 11 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠯᠢ ᠴᠦᠨ ᠶᠠᠨ ᠰᠢᠶᠠᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ 2 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ 2 ᠳ᠋ᠤᠭᠠᠷ ᠤᠳᠠᠭ᠎ᠠ ᠶᠢᠨ ᠪᠦᠬᠦᠳᠠ ᠬᠤᠷᠠᠯ ᠤᠨ ᠵᠣᠷᠢᠭ ᠰᠠᠨᠠᠭ᠎ᠠ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ 3 ᠳ᠋ᠤᠭᠠᠷ ᠤᠳᠠᠭ᠎ᠠ ᠶᠢᠨ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠰᠤᠳᠤᠯᠬᠤ ᠶᠢᠨ ᠬᠠᠮᠲᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠨᠢᠭᠡᠳᠦᠮᠡᠯ ᠹᠷᠣᠨᠲ ᠪᠣᠯ ᠬᠤᠪᠢᠰᠬᠠᠯ᠂ ᠪᠦᠲᠦᠭᠡᠨ ᠪᠠᠶᠢᠭᠤᠯᠤᠯᠲᠠ ᠂ ᠥᠭᠡᠷᠡᠴᠢᠯᠡᠯᠲᠡ ᠶᠢᠨ ᠦᠢᠯᠡᠰ ᠤᠨ ᠢᠯᠠᠯᠲᠠ ᠶᠢ ᠲᠡᠮᠡᠴᠡᠨ ᠤᠯᠬᠤ ᠴᠢᠬᠤᠯᠠ ᠡᠷᠳᠡᠨᠢ ᠮᠥᠨ᠂ ᠨᠠᠮ ᠤᠨ ᠠᠩᠭᠢ ᠶᠢᠨ ᠰᠠᠭᠤᠷᠢ ᠶᠢ ᠴᠢᠩᠭᠠᠳᠬᠠᠬᠤ᠂ ᠨᠠᠮ ᠤᠨ ᠣᠯᠠᠨ ᠲᠦᠮᠡᠨ ᠤ ᠰᠠᠭᠤᠷᠢ ᠶᠢ ᠥᠷᠭᠡᠳᠬᠡᠬᠦ᠂ ᠨᠠᠮ ᠤᠨ ᠲᠥᠷᠥ ᠪᠠᠷᠢᠬᠤ ᠪᠠᠶᠢᠷᠢ ᠰᠠᠭᠤᠷᠢ ᠶᠢ ᠪᠠᠬᠢᠵᠢᠭᠦᠯᠬᠦ ᠴᠢᠬᠤᠯᠠ ᠡᠷᠳᠡᠨᠢ ᠮᠥᠨ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠲᠦᠷᠭᠡᠪᠴᠢᠯᠡᠨ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠤᠯᠤᠰ ᠤᠨ ᠬᠦᠰᠡᠯ ᠢ ᠪᠡᠶᠡᠯᠡᠭᠦᠯᠬᠦ ᠴᠢᠬᠤᠯᠠ ᠡᠷᠳᠡᠨᠢ ᠮᠥᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠶ ᠱᠦᠵᠢ ᠶᠢᠨ ᠨᠢᠭᠡᠳᠦᠮᠡᠯ ᠹᠷᠣᠨᠲ ᠤᠨ ᠠᠵᠢᠯ ᠤᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠤᠶᠢᠯᠠᠭᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠭᠦᠢᠴᠡᠳ ᠲᠠᠨᠢᠵᠤ᠂ ᠲᠥᠪ ᠤᠨ ᠶᠡᠭᠡ ᠲᠠᠯ᠎ᠠ ᠠᠴᠠ ᠴᠢᠩᠭ᠎ᠠ ᠠᠳᠬᠤᠵᠤ᠂ ᠬᠤᠳᠠᠯᠳᠤᠭᠠᠴᠢᠳ ᠤᠨ ᠡᠪᠯᠡᠯ ᠤᠨ ᠨᠡᠶᠢᠭᠡᠮᠯᠢᠭ᠂ ᠲᠠᠶᠢᠸᠠᠨ ᠰᠢᠶᠠᠩᠭᠠᠩ ᠣᠣᠮᠧᠨ ᠳᠤᠮᠳᠠᠳᠤ ᠶᠢᠨ ᠬᠠᠷᠢᠶᠠᠲᠤ ᠨᠠᠷ ᠤᠨ ᠲᠥᠯᠥᠭᠡᠯᠡᠭᠴᠢ ᠬᠥᠮᠦᠰ ᠪᠣᠯᠤᠨ ᠡᠬᠡ ᠣᠷᠣᠨᠴᠢ ᠨᠥᠬᠦᠷᠰᠡᠭ ᠬᠥᠮᠦᠰ ᠤᠨ ᠦᠢᠯᠡᠳᠦᠯ ᠢ ᠪᠠᠳᠠᠷᠠᠭᠤᠯᠵᠤ᠂ ᠬᠤᠳᠠᠯᠳᠤᠭᠠᠴᠢᠨ ᠤᠷᠢᠵᠤ ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠨᠠᠮ ᠤᠨ ᠭᠠᠳᠠᠨᠠᠬᠢ ᠡᠯ᠎ᠡ ᠬᠥᠮᠦᠰ ᠢ ᠪᠦᠯᠬᠦᠮᠳᠡᠭᠦᠯᠦᠨ ᠬᠥᠲᠥᠯᠥᠨ ᠵᠢᠯᠣᠭᠤᠳᠴᠤ ᠪᠠᠶᠢᠭᠠᠳ ᠮᠠᠨ ᠤ ᠰᠢᠶᠠᠨ ᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠶ ᠬᠥᠭᠵᠢᠯᠲᠡ ᠵᠡᠷᠭᠡ ᠴᠢᠬᠤᠯᠠ ᠶᠡᠭᠡ ᠰᠡᠳᠦᠪ ᠤᠨ ᠲᠣᠭᠤᠷᠢᠨ ᠳᠤ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠢᠳᠡᠪᠬᠢᠲᠡᠶ ᠪᠠᠷ ᠤᠶᠤᠨ ᠤᠬᠠᠭᠠᠨ ᠬᠦᠴᠦᠨ ᠴᠢᠳᠠᠯ ᠢᠶᠠᠨ ᠡᠷᠭᠦᠵᠦ᠂ ᠰᠢᠨ᠎ᠡ ᠴᠠᠭ ᠦᠶ᠎ᠡ ᠶᠢᠨ ᠲᠣᠭᠲᠠᠬᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠤᠨ᠎ᠠ ᠭᠡᠵᠡᠢ᠃      ᠬᠤᠷᠠᠯ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠡᠷᠡᠰ ᠪᠠᠲᠤ ᠪᠤᠢ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠨᠠᠮ ᠤᠨ ᠲᠥᠪ ᠬᠤᠷᠢᠶ᠎ᠠ ᠶᠢᠨ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠢᠮᠠᠭᠲᠠ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠤᠨ ᠨᠢᠭᠡᠳᠦᠮᠡᠯ ᠹᠷᠣᠨᠲ ᠤᠨ ᠠᠵᠢᠯ ᠢ ᠦᠨᠡᠨ ᠬᠦ ᠰᠠᠶᠢᠲᠤᠷ ᠬᠢᠵᠦ᠂ ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠯᠭ᠎ᠠ ᠶᠢ ᠦᠨᠡᠨ ᠬᠦ ᠴᠢᠩᠭᠠᠳᠬᠠᠵᠤ᠂ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠤᠨ ᠳᠠᠪᠠᠭᠤᠯᠢᠭ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠲᠥᠯᠥᠭᠡᠯᠡᠭᠴᠢ ᠬᠥᠮᠦᠰ ᠤᠨ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠨᠢᠭᠡᠳᠦᠮᠡᠯ ᠹᠷᠣᠨᠲ ᠤᠨ ᠠᠵᠢᠯ ᠢ ᠦᠨᠡᠨᠬᠦ ᠰᠠᠶᠢᠲᠤᠷ ᠬᠢᠵᠦ᠂ ᠭᠤᠣᠯ ᠰᠡᠳᠦᠪ ᠭᠤᠣᠯ ᠱᠤᠭᠤᠮ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠲᠣᠭᠲᠠᠴᠠ ᠪᠠᠨ ᠪᠦᠷᠢᠨᠰᠢᠬᠦᠯᠵᠦ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠨᠢᠭᠡᠳᠦᠮᠡᠯ ᠹᠷᠣᠨᠲ ᠤᠨ ᠠᠵᠢᠯ ᠤᠨ ᠪᠣᠳᠠᠲᠤ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠮᠠᠨ ᠤ ᠰᠢᠶᠠᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠨᠢᠭᠡᠳᠦᠮᠡᠯ ᠹᠷᠣᠨᠲ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃ ᠱᠠᠰᠢᠨ ᠰᠤᠷᠲᠠᠬᠤᠨ ᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ ᠦᠵᠡᠯ ᠰᠠᠨᠠᠭ᠎ᠠ ᠲᠠᠨᠢᠯᠲᠠ ᠶᠢᠨ ᠲᠠᠬᠢᠨ ᠳᠡᠭᠡᠭᠰᠢᠯᠡᠬᠦ ᠶᠢ ᠦᠷᠭᠦᠯᠵᠢᠯᠡᠨ ᠲᠦᠯᠬᠢᠨ ᠠᠬᠢᠭᠤᠯᠵᠤ᠂ ᠦᠨᠳᠦᠰᠦᠲᠡᠨ ᠱᠠᠰᠢᠨ ᠰᠤᠷᠲᠠᠬᠤᠨ ᠤ ᠭᠤᠷᠪᠠᠨ ᠱᠠᠲᠤᠨ ᠤ ᠰᠦᠯᠵᠢᠶᠡᠨ ᠤ ᠠᠵᠢᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠱᠠᠰᠢᠨ ᠰᠤᠷᠲᠠᠬᠤᠨ ᠤ ᠠᠵᠢᠯ ᠤᠨ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠦᠨ ᠲᠡᠭᠦᠯᠳᠡᠷᠵᠢᠭᠦᠯᠵᠦ᠂ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠱᠠᠲᠤᠨ ᠤ ᠰᠠᠭᠤᠷᠢ ᠶᠢ ᠲᠠᠰᠤᠷᠠᠯᠳᠠ ᠦᠭᠡᠢ ᠪᠠᠲᠤᠳᠬᠠᠬᠤ ᠬᠡᠷᠡᠭᠲᠡᠶ᠃ ᠨᠠᠮ ᠤᠨ ᠨᠢᠭᠡᠳᠦᠮᠡᠯ ᠹᠷᠣᠨᠲ ᠤᠨ ᠤᠨᠤᠯ ᠴᠢᠭᠯᠡᠯᠲᠡ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠣᠶᠢᠯᠠᠭᠠᠵᠤ ᠂ ︽ᠨᠢᠭᠡ ᠬᠥᠯᠭᠡ ᠰᠢᠳᠠᠷ᠎ᠠ︾ ᠶᠢᠨ ᠤᠬᠠᠮᠰᠠᠷ ᠢ ᠪᠠᠲᠤ ᠪᠤᠢ ᠪᠣᠯᠭᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠲᠠᠰᠤᠷᠠᠯᠳᠡ ᠦᠭᠡᠢ ᠴᠢᠩᠭᠠᠳᠬᠠᠵᠤ᠂ ᠨᠢᠭᠡᠳᠦᠮᠡᠯ ᠹᠷᠣᠨᠲ ᠤᠨ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠸᠠᠩ ᠮᠢᠩ ᠵᠡᠷᠭᠡ ᠰᠢᠶᠠᠨ ᠤ ᠤᠳᠤᠷᠢᠳᠤᠯᠭ᠎ᠠ᠂ ᠰᠢᠶᠠᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1