ᠲᠤᠭᠳᠠᠬᠤ ᠰᠢᠶᠠᠨ ᠤ ᠨᠠᠮ ᠤᠨ ᠬᠤᠷᠢᠶᠠᠨ ᠤ ᠲᠡᠳ᠋ ᠱᠦᠵᠢ᠂ ᠣᠷᠣᠯᠠᠭᠴᠢ ᠰᠢᠶᠠᠨ ᠤ ᠳᠠᠷᠤᠭ᠎ᠠ ᠭᠤᠤ ᠵᠧᠩ ᠲᠠᠪᠢᠨ ᠭᠡᠷ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ
ᠨᠡᠶᠢᠲᠡᠯᠡᠭᠰᠡᠨ ᠴᠠᠭ᠄
2021/8/18
      8 ᠳ᠋ᠤᠭᠠᠷ ᠰᠠᠷ᠎ᠠ ᠶᠢᠨ 16 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠰᠢᠶᠠᠨ ᠤ ᠳᠠᠷᠤᠭ᠎ᠠ ᠭᠤᠤ ᠵᠧᠩ ᠲᠠᠪᠢᠨ ᠭᠡᠷ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠹᠦ᠋ ᠹᠸᠢ ᠫᠢᠩ᠂ ᠨᠠᠮ ᠤᠨ ᠬᠤᠷᠢᠶ᠎ᠠ ᠶᠢᠨ ᠳᠡᠳ᠋ ᠱᠦᠵᠢ᠂ ᠪᠠᠯᠭᠠᠰᠤᠨ ᠤ ᠳᠠᠷᠤᠭ᠎ᠠ ᠰᠢᠤᠢ ᠫᠧᠩ ᠲᠠᠪᠢᠨ ᠭᠡᠷ ᠪᠠᠯᠭᠠᠰᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠪᠣᠯᠤᠨ ᠣᠳᠣᠬᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠤᠨ ᠲᠣᠭᠤᠷᠢᠨ ᠳᠤ ᠲᠤᠰ ᠲᠤᠰ ᠬᠠᠷᠢᠭᠤ ᠮᠡᠳᠡᠭᠦᠯᠦᠯᠲᠡ ᠬᠢᠵᠦ᠂ ᠪᠠᠯᠭᠠᠰᠤᠨ ᠤ ᠤᠳᠤᠷᠢᠳᠬᠤ ᠪᠠᠭ ᠤᠨ ᠪᠤᠰᠤᠳ ᠪᠦᠷᠢᠯᠳᠦᠬᠦᠨ ᠳᠡᠰ ᠳᠠᠷᠠᠭ᠎ᠠ ᠲᠠᠢ ᠪᠠᠷ ᠶᠠᠷᠢᠶ᠎ᠠ ᠲᠠᠯᠪᠢᠵᠠᠢ︔ ᠭᠤᠤ ᠵᠧᠩ ᠬᠥᠳᠡᠭᠡ ᠠᠵᠤ ᠠᠬᠤᠢ ᠬᠥᠳᠡᠭᠡ ᠲᠣᠰᠬᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠡᠷᠬᠢᠨ ᠠᠬᠢᠭᠤᠯᠬᠤ ᠶᠢᠨ ᠲᠣᠭᠤᠷᠢᠨ ᠳᠤ ᠶᠠᠷᠢᠶ᠎ᠠ ᠲᠠᠯᠪᠢᠵᠠᠢ᠃      ᠭᠤᠤ ᠵᠧᠩ᠂ ᠲᠠᠪᠢᠨ ᠭᠡᠷ ᠪᠠᠯᠭᠠᠰᠤ ᠶᠢᠨ ᠬᠢᠨ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢᠨ ᠲᠣᠭᠤᠷᠢᠨ ᠳᠤ ᠣᠷᠣᠨ ᠪᠠᠶᠢᠷᠢ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠠᠷ ᠰᠢᠨ᠎ᠡ ᠭᠠᠷᠤᠴᠠ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠶᠡᠬᠡᠪᠡᠷ ᠠᠬᠢᠭᠤᠯᠬᠤ ᠬᠡᠷᠡᠭᠲᠡᠢ᠃ ᠲᠦᠷᠦᠯ ᠵᠦᠢᠯ ᠢᠶᠠᠷ ᠲᠤᠯᠭᠠᠭᠤᠷᠢᠯᠠᠯ ᠪᠣᠯᠭᠠᠬᠤ ᠶᠢ ᠪᠠᠷᠢᠮᠲᠠᠯᠠᠵᠤ ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠭᠠᠵᠠᠷ ᠣᠷᠣᠨ ᠤ ᠪᠣᠳᠠᠲᠤ ᠪᠠᠶᠢᠳᠠᠯ ᠳᠤ ᠨᠡᠶᠢᠴᠡᠭᠰᠡᠨ᠂ ᠭᠠᠵᠠᠷ ᠣᠷᠣᠨ ᠤ ᠣᠨᠴᠠᠯᠢᠭ ᠢ ᠢᠯᠡᠷᠡᠭᠦᠯᠦᠭᠰᠡᠨ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠬᠤ ᠬᠡᠷᠡᠭᠲᠡᠢ᠃ ᠲᠠᠷᠢᠶᠠᠯᠠᠩ ᠮᠠᠯ ᠠᠵᠤ ᠠᠬᠤᠶ ᠶᠢᠨ ᠭᠤᠣᠯᠳᠠᠯᠭ᠎ᠠ ᠲᠠᠢ ᠵᠦᠢᠯᠡᠰ ᠢ ᠶᠡᠭᠡ ᠪᠠᠷ ᠬᠥᠭᠵᠢᠭᠦᠯᠵᠦ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠯᠢᠦ ᠵᠢᠶᠠ ᠶᠣᠣ ᠲᠣᠰᠬᠤᠨ ᠤ ᠲᠦᠮᠡᠨ ᠲᠣᠯᠣᠭᠠᠶ ᠰᠠᠭᠠᠯᠢ ᠶᠢᠨ ᠦᠨᠢᠶ᠎ᠡ ᠶᠢᠨ ᠮᠠᠯᠵᠢᠯ ᠤᠨ ᠲᠠᠯᠠᠪᠠᠢ᠂ ᠳ᠋ᠠ ᠪᠸᠢ ᠶᠣᠣ ᠲᠣᠰᠬᠤᠨ ᠤ 30 ᠲᠦᠮᠡᠨ ᠲᠣᠯᠣᠭᠠᠶ ᠭᠠᠭ᠋ᠠᠶ ᠲᠡᠵᠢᠭᠡᠨ ᠦᠷᠡᠵᠢᠭᠦᠯᠬᠦ ᠲᠠᠯᠠᠪᠠᠢ ᠵᠡᠷᠭᠡ ᠴᠢᠬᠤᠯᠠ ᠶᠡᠭᠡ ᠵᠦᠢᠯᠡᠰ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠠᠯᠬᠤᠴᠠ ᠶᠢ ᠲᠦᠷᠭᠡᠳᠬᠡᠵᠦ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢ ᠪᠦᠲᠦᠮᠵᠢᠲᠡᠶ ᠪᠠᠷ ᠠᠬᠢᠭᠤᠯᠵᠤ᠂ ᠨᠡᠩ ᠤᠯᠠᠨ ᠲᠠᠷᠢᠶᠠᠴᠢᠳ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠭᠤᠤ ᠵᠧᠩ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠲᠠᠷᠢᠶᠠᠴᠢᠳ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠨ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠡᠷᠦᠬᠡ ᠶᠢᠨ ᠵᠣᠷᠯᠣᠩ ᠢ ᠥᠭᠡᠷᠡᠴᠢᠯᠡᠬᠦ ᠵᠡᠷᠭᠡ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠬᠥᠳᠡᠭᠡ ᠲᠣᠰᠬᠤᠨ ᠤ ᠳᠦᠷᠰᠦ ᠪᠠᠶᠢᠳᠠᠯ ᠢ ᠦᠨᠡᠨ ᠬᠦ ᠰᠠᠶᠢᠵᠢᠷᠠᠭᠤᠯᠬᠤ ᠬᠡᠷᠡᠭᠲᠡᠶ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠡᠭᠦᠷᠭᠡ ᠶᠢ ᠶᠡᠬᠡᠪᠡᠷ ᠠᠬᠢᠭᠤᠯᠵᠤ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠦᠨᠡᠨᠬᠦ ᠨᠥᠬᠦᠪᠥᠷᠢᠯᠡᠬᠦ ᠬᠡᠷᠡᠭᠲᠡᠢ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠦᠪᠰᠢᠨ ᠲᠣᠭᠲᠠᠭᠤᠨ ᠢ ᠪᠠᠲᠤᠯᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠸᠠᠺᠼᠢᠨ ᠤ ᠲᠠᠷᠢᠯᠭ᠎ᠠ ᠶᠢ ᠡᠮᠬᠢ ᠵᠢᠷᠤᠮ ᠲᠠᠢ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠬᠦ ᠱᠤᠭᠤᠮ ᠢ ᠪᠦᠬᠦ ᠲᠠᠯ᠎ᠠ ᠪᠠᠷ ᠪᠠᠲᠤ ᠪᠠᠬᠢ ᠪᠠᠶᠢᠭᠤᠯᠬᠤ ᠬᠡᠷᠡᠭᠲᠡᠢ᠃ ᠰᠡᠳᠬᠢᠴᠡ ᠪᠠ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠴᠢᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠲᠠᠰᠤᠷᠠᠯᠳᠠ ᠦᠭᠡᠢ ᠪᠠᠶᠠᠯᠢᠭᠵᠢᠭᠤᠯᠬᠤ ᠬᠡᠷᠡᠭᠲᠡᠶ ᠭᠡᠵᠦ ᠱᠠᠭᠠᠷᠳᠠᠪᠠ᠃      ᠭᠤᠣ ᠵᠧᠩ ᠴᠢᠬᠤᠯᠠᠴᠢᠯᠠᠭᠰᠠᠨ ᠨᠢ᠂ ᠪᠦᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠶᠡᠷᠦᠩᠬᠡᠶ ᠱᠦᠵᠢ ᠶᠢᠨ ︽ᠳᠣᠯᠣᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠨ ᠲᠤᠤᠱᠯᠠᠭᠤᠯᠵᠤ᠂ ︽ᠲᠦᠷᠪᠡᠨ ᠤᠬᠠᠮᠰᠠᠷ︾ ᠢᠶᠠᠨ ᠲᠠᠰᠤᠷᠠᠯᠳᠡ ᠦᠭᠡᠢ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠢᠷᠠᠭᠤ ᠠᠯᠳᠠᠷᠲᠤ ᠤᠯᠠᠮᠵᠢᠯᠠᠯ ᠢᠶᠠᠨ ᠪᠠᠳᠠᠷᠠᠭᠤᠯᠵᠤ᠂ ᠬᠤᠪᠢᠰᠬᠠᠯ ᠤᠨ ᠴᠢᠰᠤᠨ ᠰᠤᠳᠠᠰᠤ ᠶᠢ ᠦᠷᠭᠦᠯᠵᠢᠯᠡᠭᠦᠯᠵᠦ᠂ ᠶᠠᠷᠢᠶᠠᠨ ᠤ ᠵᠣᠷᠢᠭ ᠰᠠᠨᠠᠭ᠎ᠠ ᠠᠴᠠ ᠡᠷᠡᠯᠬᠡᠭᠯᠡᠨ ᠤᠷᠤᠭᠰᠢᠯᠠᠬᠤ ᠬᠦᠴᠦᠨ ᠢ ᠣᠯᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠪᠣᠯᠤᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠪᠠᠷ ᠡᠷᠡᠯᠬᠡᠭᠯᠡᠨ ᠤᠷᠤᠭᠰᠢᠯᠠᠬᠤ ᠬᠡᠷᠡᠭᠲᠡᠢ ᠭᠡᠵᠡᠢ᠃
 
ᠢᠷᠡᠯᠲᠡ᠄ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1