ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠪᠠ ᠪᠠᠯᠭᠠᠰᠤᠨ ᠤ ᠬᠠᠮᠲᠤ ᠪᠠᠷ ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠦ ᠶᠢ ᠨᠠᠶᠢᠷᠠᠭᠤᠯᠤᠨ ᠵᠣᠬᠢᠶᠠᠬᠤ ᠲᠤᠬᠠᠶ ᠲᠣᠳᠣᠷᠬᠠᠶᠢᠯᠠᠯᠲᠠ
ᠨᠡᠶᠢᠲᠡᠯᠡᠭᠰᠡᠨ ᠴᠠᠭ᠄
2021/8/19
      ᠡᠯ᠎ᠡ ᠪᠠᠯᠭᠠᠰᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠲᠤ᠄          ᠰᠤᠮᠤ ᠰᠢᠶᠠᠩ ᠪᠠᠯᠭᠠᠰᠤ ᠶᠢᠨ ︵ᠵᠡᠭᠡᠯᠢ ᠭᠤᠳᠤᠮᠵᠢ︶ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠲᠥᠯᠥᠭᠡ᠂ ᠮᠠᠨ ᠤ ᠰᠢᠶᠠᠨ ᠵᠢᠴᠢ ᠲᠡᠭᠦᠨ ᠤ ᠡᠷᠬᠡ ᠲᠤᠰᠢᠶᠠᠯ ᠤᠨ ᠰᠠᠯᠠᠭ᠎ᠠ ᠮᠥᠴᠢᠷ ᠪᠣᠯᠤᠨ ᠪᠠᠯᠭᠠᠰᠤᠨ ᠤ ᠡᠭᠦᠷᠭᠡ ᠬᠠᠷᠢᠭᠤᠴᠠᠯᠭ᠎ᠠ ᠶᠢᠨ ᠬᠠᠷᠢᠴᠠᠭ᠎ᠠ ᠶᠢ ᠲᠣᠳᠣᠷᠬᠠᠶᠢᠯᠠᠵᠤ᠂ ︽ᠬᠠᠷᠢᠶ᠎ᠠ ᠣᠷᠣᠨ ᠢᠶᠠᠷ ᠬᠠᠮᠢᠶᠠᠷᠤᠭᠤᠯᠬᠤ︾ ᠡᠭᠦᠷᠭᠡ ᠬᠠᠷᠢᠭᠤᠴᠠᠯᠭ᠎ᠠ ᠶᠢ ᠲᠣᠳᠣᠷᠬᠠᠶ ᠪᠣᠯᠭᠠᠵᠤ᠂ ᠬᠤᠲᠠ ᠶᠢᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ᠂ ᠬᠠᠤᠯᠢ ᠴᠠᠭᠠᠵᠠ ᠶᠢᠨ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠬᠠᠮᠢᠶ᠎ᠠ ᠪᠥᠬᠦᠶ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠰᠢᠶᠠᠨ ᠤ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ᠂ ᠬᠠᠤᠯᠢ ᠴᠠᠭᠠᠵᠠ ᠶᠢᠨ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠡᠯ᠎ᠡ ᠪᠠᠯᠭᠠᠰᠤ᠂ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ︽ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠪᠠ ᠪᠠᠯᠭᠠᠰᠤ ᠬᠠᠮᠲᠤ ᠪᠠᠷ ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠨᠠᠷᠢᠨ ᠲᠠᠩᠰᠠ︾ ᠶᠢ ᠡᠮᠬᠢᠯᠡᠨ ᠨᠠᠶᠢᠷᠠᠭᠤᠯᠵᠤ᠂ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ ᠶᠣᠰᠣᠨ ᠤ ᠬᠢᠨᠠᠨ ᠪᠠᠶᠢᠴᠠᠭᠠᠯᠲᠠ ᠪᠠᠷ ᠲᠠᠮᠵᠢᠨ ᠨᠡᠶᠢᠭᠡᠮ ᠳᠤ ᠢᠯᠡ ᠨᠡᠶᠢᠳᠡᠯᠡᠶ᠎ᠡ᠃      ᠨᠢᠭᠡ᠂ ︽ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠪᠣᠯᠤᠨ ᠪᠠᠯᠭᠠᠰᠤ ᠬᠠᠮᠲᠤᠪᠠᠷ ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠨᠠᠷᠢᠨ ᠲᠠᠩᠰᠠ︾ ᠨᠢ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠪᠣᠯᠤᠨ ︽ᠭᠤᠷᠪᠠ ᠶᠢ ᠲᠣᠭᠲᠠᠭᠠᠬᠤ︾ ᠲᠥᠰᠦᠯ ᠢ ᠦᠨᠳᠦᠰᠦᠯᠡᠨ᠂ ᠲᠤᠰᠬᠠᠯ ᠨᠡᠯᠢᠶᠡᠳ ᠲᠥᠪᠯᠡᠷᠡᠭᠰᠡᠨ ᠦᠨᠳᠦᠰᠦᠨ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠲᠥᠷᠥᠯ᠂ ᠵᠠᠮ ᠬᠠᠷᠢᠯᠴᠠᠭᠠᠨ ᠤ ᠲᠥᠷᠥᠯ᠂ ᠣᠶ ᠰᠢᠭᠤᠶ ᠡᠪᠡᠰᠦᠨ ᠤ ᠲᠥᠷᠥᠯ᠂ ᠠᠷᠠᠳ ᠤᠨ ᠶᠠᠪᠤᠳᠠᠯ ᠤᠨ ᠲᠥᠷᠥᠯ᠂ ᠭᠠᠯ ᠤᠨᠲᠠᠷᠠᠭᠠᠬᠤ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠤᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠡᠮᠬᠢᠯᠡᠨ᠎ᠡ᠃      ᠬᠤᠶᠠᠷ᠂ ︽ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠪᠠ ᠪᠠᠯᠭᠠᠰᠤ ᠬᠠᠮᠲᠤ ᠪᠠᠷ ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠨᠠᠷᠢᠨ ᠲᠠᠩᠰᠠ︾ ᠨᠡᠶᠢᠲᠡ 48 ᠵᠦᠢᠯ ᠪᠠᠶᠢᠵᠤ᠂ 5 ᠰᠠᠯᠠᠭ᠎ᠠ ᠮᠥᠴᠢᠷ ᠪᠠ 5 ᠪᠠᠯᠭᠠᠰᠤᠨ ᠳᠤ ᠬᠤᠯᠪᠣᠭᠳᠠᠨ᠎ᠠ᠃          ᠭᠤᠷᠪᠠ᠂ ᠲᠣᠳᠣᠷᠬᠠᠶ ᠬᠠᠭᠤᠳᠠᠰᠤ ᠶᠢ ᠪᠣᠳᠠᠲᠠᠶ ᠳᠤ ᠨᠡᠶᠢᠴᠡᠭᠦᠯᠬᠦ ᠶᠢ ᠪᠠᠲᠤᠯᠠᠬᠤ ᠶᠢᠨ ᠲᠤᠰᠠᠳᠠ᠂ ᠬᠠᠤᠯᠢ ᠴᠠᠭᠠᠵᠠ ᠬᠠᠤᠯᠢ ᠲᠣᠭᠲᠠᠭᠠᠯ ᠢ ᠲᠣᠭᠲᠠᠭᠠᠬᠤ᠂ ᠵᠠᠰᠠᠬᠤ᠂ ᠬᠦᠴᠦᠨ ᠥᠬᠡᠶ ᠪᠣᠯᠭᠠᠬᠤ᠂ ᠲᠠᠶᠢᠯᠪᠤᠷᠢᠯᠠᠬᠤ ᠪᠠ ᠡᠯ᠎ᠡ ᠱᠠᠲᠤᠨ ᠤ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢ ᠳᠣᠭᠢᠷᠠᠭᠤᠯᠬᠤ ᠵᠢᠴᠢ ᠠᠵᠢᠯ ᠤᠨ ᠬᠡᠷᠡᠭᠴᠡᠭᠡ ᠵᠡᠷᠭᠡ ᠬᠦᠴᠦᠨ ᠵᠦᠢᠯ ᠢ ᠦᠨᠳᠦᠰᠦᠯᠡᠨ᠂ ᠡᠭᠦᠷᠭᠡ ᠴᠢᠳᠠᠪᠤᠷᠢ ᠶᠢ ᠬᠠᠤᠯᠢ ᠪᠠᠷ ᠲᠣᠭᠲᠠᠭᠠᠬᠤ᠂ ᠡᠷᠬᠡ ᠬᠠᠷᠢᠭᠤᠴᠠᠯᠭ᠎ᠠ ᠶᠢ ᠨᠢᠭᠡᠳᠦᠯᠲᠡᠶ ᠪᠠᠶᠢᠯᠭᠠᠬᠤ᠂ ᠥᠨᠳᠥᠷ ᠪᠦᠲᠦᠮᠵᠢᠲᠡᠶ ᠢᠯᠡ ᠲᠣᠳᠣ ᠪᠠᠶᠢᠯᠭᠠᠬᠤ ᠵᠠᠷᠴᠢᠮ ᠢ ᠪᠠᠷᠢᠮᠲᠠᠯᠠᠵᠤ᠂ ︽ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠪᠠ ᠪᠠᠯᠭᠠᠰᠤ ᠬᠠᠮᠲᠤ ᠪᠠᠷ ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ︾ ᠳᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠦᠨ᠎ᠡ᠃      ᠳᠥᠷᠪᠡ᠂ ᠲᠣᠰ ᠨᠠᠷᠢᠨ ᠬᠠᠭᠤᠳᠠᠰᠤ ᠶᠢᠨ ᠳᠠᠭᠤᠰᠤᠭᠠᠳᠤᠶ ᠵᠦᠢᠯᠡᠰ ᠵᠢᠴᠢ ᠲᠡᠭᠦᠯᠳᠡᠷ ᠪᠤᠰᠤ ᠵᠦᠢᠯ ᠢ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ ᠰᠠᠯᠠᠭ᠎ᠠ ᠮᠥᠴᠢᠷ ᠤᠨ ︽ᠭᠤᠷᠪᠠ ᠶᠢ ᠲᠣᠭᠲᠠᠭᠠᠬᠤ︾ ᠲᠥᠰᠦᠯ ᠢᠶᠠᠷ ᠪᠠᠷᠢᠮᠵᠢᠶ᠎ᠠ ᠪᠣᠯᠭᠠᠨ᠎ᠠ᠃      ᠲᠠᠪᠤ᠂ ᠨᠡᠶᠢᠭᠡᠮ ᠤᠨ ᠬᠢᠨᠠᠯᠲᠠ ᠳᠤ ᠲᠥᠬᠦᠮ ᠦᠵᠡᠭᠦᠯᠬᠦ ᠶᠢᠨ ᠲᠥᠯᠥᠭᠡ᠂ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠴᠥᠮ ᠡᠯᠧᠺᠲᠷᠣᠨ ᠰᠢᠤᠳᠠᠨ ᠪᠠ ᠳ᠋ᠢᠶᠠᠩᠬᠤᠸᠠ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠪᠠ ᠪᠠᠯᠭᠠᠰᠤᠨ ᠤ ᠬᠠᠮᠲᠤ ᠪᠠᠷ ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ︾ ᠳᠤ ᠰᠠᠨᠠᠭᠤᠯᠭ᠎ᠠ ᠳᠤᠷᠠᠳᠴᠤ ᠪᠣᠯᠤᠨ᠎ᠠ᠃      ᠢᠮᠧᠯ ᠤᠨ ᠬᠠᠶ᠋ᠢᠭ᠄ tktspj@sina᠃ com᠂      ᠬᠠᠷᠢᠯᠴᠠᠬᠤ ᠤᠲᠠᠰᠤ᠄ 0471-8512660᠃          ᠳᠠᠭᠠᠯᠳᠤᠭᠤᠯᠤᠯ᠄ ︽ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠪᠣᠯᠤᠨ ᠪᠠᠯᠭᠠᠰᠤ ᠬᠠᠮᠲᠤ ᠪᠠᠷ ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ︾                     ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                       2021 ᠣᠨ ᠤ 8 ᠳ᠋ᠤᠭᠠᠷ ᠰᠠᠷ᠎ᠠ ᠶᠢᠨ 18 ᠤ ᠡᠳᠦᠷ
 
ᠢᠷᠡᠯᠲᠡ᠄ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1