ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠶᠠᠩ ᠵᠢᠶᠧ ᠮᠠᠨ ᠤ ᠰᠢᠶᠠᠨ ᠳᠤ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ
ᠨᠡᠶᠢᠲᠡᠯᠡᠭᠰᠡᠨ ᠴᠠᠭ᠄
2021/8/19
      8 ᠳ᠋ᠤᠭᠠᠷ ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠶᠠᠩ ᠵᠢᠶᠧ ᠮᠠᠨ ᠤ ᠰᠢᠶᠠᠨ ᠳᠤ ᠭᠦᠨᠵᠡᠭᠡᠶᠢᠷᠡᠨ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠵᠢᠴᠢ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠤᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠳᠠ ᠬᠢᠪᠡ᠃
 
     ᠶᠠᠩ ᠵᠢᠶᠧ ᠤᠷᠢᠳ ᠬᠤᠵᠢᠳ ᠬᠠᠲᠤᠨ ᠭᠤᠤᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ ᠤᠨ ᠾᠧ ᠺᠸᠤ ᠲᠣᠰᠬᠤᠨ᠂ ᠳ᠋ᠠ ᠾᠸᠢ ᠾᠧ ᠭᠤᠤᠯ ᠤᠨ ᠬᠤᠸᠠᠩ ᠺᠸᠦ ᠤᠯᠤᠰ ᠤᠨ ᠤᠰᠤᠨ ᠤ ᠴᠢᠨᠠᠷ ᠢ ᠬᠢᠨᠠᠨ ᠬᠡᠮᠵᠢᠬᠦ ᠥᠷᠲᠡᠭᠡ᠂ ᠬᠠᠲᠤᠨ ᠭᠤᠤᠯ ᠤᠨ ᠳᠡᠭᠡᠳᠦ ᠳᠤᠮᠳᠠᠳᠤ ᠤᠷᠤᠰᠬᠠᠯ ᠤᠨ ᠵᠠᠭᠠᠭ ᠴᠢᠭ ᠵᠡᠷᠭᠡ ᠭᠠᠵᠠᠷ ᠲᠤ ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠭᠦᠨᠵᠡᠭᠡᠶ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠠᠨ ᠤ ᠰᠢᠶᠠᠨ ᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ᠂ ᠠᠮᠢ ᠠᠬᠤᠶ ᠶᠢᠨ ᠣᠷᠴᠢᠨ ᠨᠥᠬᠦᠴᠡᠯ ᠤᠨ ᠬᠢᠨᠠᠨ ᠬᠡᠮᠵᠢᠯᠲᠡ᠂ ᠣᠷᠴᠢᠨ ᠠᠬᠤᠶ ᠶᠢᠨ ᠬᠠᠮᠠᠭᠠᠯᠠᠯᠲᠠ ᠶᠢ ᠰᠢᠪᠠᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠤᠰᠤᠨ ᠤ ᠡᠬᠢ ᠪᠠᠶᠠᠯᠢᠭ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠬᠠᠲᠤᠨ ᠭᠤᠤᠯ ᠤᠨ ᠲᠠᠩ ᠭᠠᠵᠠᠷ ᠢ ᠨᠡᠭᠦᠯᠭᠡᠨ ᠪᠠᠶᠢᠭᠤᠯᠬᠤ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃
     ᠶᠠᠩ ᠵᠢᠶᠧ᠄ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠥᠬᠦ ᠲᠠᠯ᠎ᠠ ᠪᠠᠷ ᠲᠤᠤᠱᠯᠠᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠶᠢᠨ ᠤᠳᠤᠷᠢᠳᠤᠮᠵᠢ ᠶᠢ ᠪᠠᠲᠤ ᠪᠠᠬᠢ ᠪᠣᠶ ᠪᠣᠯᠭᠠᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠭᠦᠨᠵᠡᠭᠡᠶ ᠰᠠᠶᠢᠲᠤᠷ ᠬᠢᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠠᠵᠢᠯ ᠤᠨ ᠰᠠᠶᠢᠨ ᠡᠬᠢᠯᠡᠯᠲᠡ ᠲᠠᠢ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠶ  ᠭᠡᠵᠦ ᠴᠢᠬᠤᠯᠠᠴᠢᠯᠠᠪᠠ᠃      ᠶᠠᠩ ᠵᠢᠶᠧ ᠱᠠᠭᠠᠷᠳᠠᠭᠰᠠᠨ ᠨᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ᠂ ᠲᠠᠷᠢᠶᠠᠯᠠᠩ ᠤᠨ ᠣᠯᠠᠨ ᠡᠬᠢᠳᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠪᠥᠬᠦ ᠲᠠᠯ᠎ᠠ ᠪᠠᠷ ᠰᠠᠶᠢᠵᠢᠷᠠᠭᠤᠯᠵᠤ᠂ ᠠᠮᠢ ᠠᠬᠤᠶ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ ᠬᠡᠷᠡᠭᠲᠡᠶ᠃ ︽ᠦᠵᠡᠰᠬᠦᠯᠡᠩᠲᠦ ᠰᠠᠶᠢᠬᠠᠨ ᠭᠤᠣᠯ ᠮᠥᠷᠡᠨ ᠨᠠᠭᠤᠷ ᠴᠥᠭᠦᠷᠥᠮ︾ ᠤᠨ ᠪᠦᠳᠦᠭᠡᠨ ᠪᠠᠶᠢᠭᠤᠯᠤᠯᠲᠠ ᠪᠠᠷ ᠨᠢᠭᠡᠳᠦᠯᠲᠡᠢ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠢ ᠠᠷᠪᠢᠯᠠᠬᠤ᠂ ᠤᠰᠤᠨ ᠤ ᠠᠮᠢ ᠠᠬᠤᠢ ᠶᠢ ᠬᠠᠮᠠᠭᠠᠯᠠᠬᠤ ᠪᠠ ᠤᠰᠤᠨ ᠤ ᠣᠷᠴᠢᠨ ᠲᠣᠭᠤᠷᠢᠨ ᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠦᠷᠭᠦᠯᠵᠢᠯᠡᠨ ᠬᠦᠴᠦᠯᠡᠵᠦ᠂ ᠤᠷᠳᠤ ᠬᠤᠭᠤᠴᠠᠭ᠎ᠠ ᠪᠠᠷ ᠴᠢᠷᠮᠠᠶᠢᠨ ᠠᠵᠢᠯᠯᠠᠵᠤ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠪᠠ ᠤᠰᠤᠨ ᠤ ᠠᠮᠢ ᠠᠬᠤᠢ ᠶᠢ ᠬᠠᠮᠠᠭᠠᠯᠠᠬᠤ ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ ᠭᠡᠵᠡᠢ᠃      ᠶᠠᠩ ᠵᠢᠶᠧ᠂ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠡᠯ᠎ᠡ ᠱᠠᠲᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ︾ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠬᠠᠲᠤᠨ ᠭᠤᠤᠯ ᠳᠠᠭᠠᠤ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠦᠨᠡᠨᠬᠦ ᠰᠠᠶᠢᠲᠤᠷ ᠬᠠᠮᠠᠭᠠᠯᠠᠵᠤ᠂ ᠰᠠᠶᠢᠲᠤᠷ ᠵᠠᠰᠠᠵᠤ᠂ ᠬᠠᠲᠤᠨ ᠭᠤᠤᠯ ᠢ ᠦᠨᠡᠨᠬᠦ ᠠᠷᠠᠳ ᠲᠦᠮᠡᠨ ᠳᠤ ᠪᠤᠶᠠᠨ ᠦᠢᠯᠡᠳᠬᠦ ᠵᠣᠯ ᠵᠢᠷᠭᠠᠯᠲᠤ ᠭᠤᠤᠯ ᠪᠤᠯᠭᠠᠨ ᠪᠦᠳᠦᠭᠡᠨ ᠪᠠᠶᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃    ᠰᠢᠶᠠᠨ ᠤ ᠤᠳᠤᠷᠢᠳᠤᠯᠭ᠎ᠠ ᠯᠢ ᠴᠦᠨ ᠶᠠᠨ᠂ ᠭᠤᠤ ᠵᠧᠩ᠂ ᠯᠢᠦ ᡁᠢ ᠴᠢᠶᠠᠩ ᠨᠠᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1