ᠲᠤᠭᠳᠠᠬᠤ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠰᠢᠯᠢᠳᠡᠭ ᠦᠢᠯᠡᠴᠢᠯᠡᠭᠡ ᠪᠠᠷ ᠠᠵᠤ ᠠᠬᠤᠶᠢᠯᠠᠯ ᠤᠨ ᠬᠥᠭᠵᠢᠯᠲᠡ ᠶᠢ  ᠲᠠᠰᠤᠷᠠᠯᠳᠠ ᠦᠭᠡᠢ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2021/8/20
      ᠡᠨᠡ ᠵᠢᠯ ᠠᠴᠠ ᠨᠠᠰᠢ᠂ ᠲᠣᠭᠲᠠᠬᠤ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠭᠦᠨᠵᠡᠭᠡᠶ ᠦᠢᠯᠡᠴᠢᠯᠡᠬᠦ ᠶᠢᠨ ᠲᠥᠯᠥᠭᠡ᠂ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠲᠠᠰᠤᠷᠠᠯᠲᠠ ᠥᠬᠡᠶ ᠰᠡᠳᠬᠢᠯ ᠲᠠᠯᠪᠢᠵᠤ ᠬᠦᠴᠦᠯᠡᠨ ᠠᠬᠢᠭᠤᠯᠪᠠ᠃      ︽ᠬᠥᠬᠡᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠷᠠᠳ ᠲᠤ ᠳᠥᠭᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠶᠢᠰᠦᠨ ᠵᠦᠢᠯ ᠤᠨ ᠠᠷᠭ᠎ᠠ ᠬᠡᠮᠵᠢᠶ᠎ᠡ︾ ᠶᠢ ᠭᠦᠨᠵᠡᠭᠡᠶ ᠨᠠᠶᠢᠳᠠᠪᠤᠷᠢᠵᠢᠭᠤᠯᠬᠤ ᠶᠢᠨ ᠲᠥᠯᠥᠭᠡ᠂ ᠠᠵᠤ ᠠᠬᠤᠶᠢᠯᠠᠯ ᠤᠨ ᠨᠡᠭᠡᠭᠡᠨ ᠡᠷᠭᠢᠯᠡᠬᠦ ᠪᠦᠬᠦ ᠶᠠᠪᠤᠴᠠ ᠶᠢᠨ ᠦᠢᠯᠡᠴᠢᠯᠡᠭᠡ ᠶᠢ ᠲᠠᠰᠤᠷᠠᠯᠲᠠ ᠦᠭᠡᠶ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ︽ᠠᠵᠤ ᠠᠬᠤᠶᠢᠯᠠᠯ ᠡᠷᠭᠢᠯᠡᠬᠦ ᠲᠤᠰᠬᠠᠶ ᠣᠷᠣᠨ︾ ᠭᠠᠷᠭᠠᠵᠤ᠂ ᠭᠦᠢᠴᠡᠳᠭᠡᠬᠦ ᠴᠠᠭ ᠬᠤᠭᠤᠴᠠᠭ᠎ᠠ᠂ ᠮᠠᠲ᠋ᠧᠷᠢᠶᠠᠯ᠂ ᠴᠤᠪᠤᠷᠠᠯ ᠢ ᠲᠠᠰᠤᠷᠠᠯᠲᠠ ᠥᠬᠡᠶ ᠪᠠᠭᠠᠰᠬᠠᠬᠤ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠳᠡᠩᠰᠡᠯᠡᠯᠲᠡ᠂ ᠠᠯᠪᠠᠨ ᠲᠠᠮᠠᠭ᠎ᠠ ᠰᠡᠶᠢᠯᠬᠦ᠂ ᠪᠠᠷᠢᠮᠲᠠ ᠭᠤᠶᠤᠴᠢᠯᠠᠨ ᠠᠪᠬᠤ ᠂ ᠪᠠᠩᠬᠢ ᠶᠢᠨ ᠲᠠᠩᠰᠠ ᠨᠡᠭᠡᠭᠡᠬᠦ᠂ ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠳᠡᠩᠰᠡᠯᠡᠯᠲᠡ᠂ ᠠᠵᠤ ᠠᠬᠤᠶᠢᠯᠠᠯ ᠤᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠲᠤᠰᠢᠶᠠᠨ ᠬᠠᠳᠠᠭᠠᠯᠠᠭᠤᠯᠬᠤ ᠵᠡᠷᠭᠡ 6 ᠵᠠᠩᠭᠢᠯᠠᠭ᠎ᠠ ᠶᠢ 0.5 ᠠᠵᠢᠯᠯᠠᠬᠤ ᠡᠳᠦᠷ ᠤᠨ ᠳᠣᠲᠣᠷ᠎ᠠ ᠪᠡᠶᠡᠯᠡᠭᠦᠯᠵᠦ᠂ ᠠᠵᠢᠯ ᠤᠨ ᠦᠷ᠎ᠡ ᠪᠦᠲᠦᠮᠵᠢ ᠶᠢ ᠲᠦᠢᠯ ᠤᠨ ᠶᠡᠭᠡ ᠪᠠᠷ ᠳᠡᠭᠡᠭᠰᠢᠯᠡᠭᠦᠯᠦᠨ᠂ ᠠᠵᠤ ᠠᠬᠤᠶᠢᠯᠠᠯ ᠪᠠ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃  
         ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠠᠰᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ︽ᠮᠦᠩᠬᠡ ᠰᠤᠪᠠᠭ᠂ ᠨᠢᠭᠡ ᠯᠡ ᠤᠳᠠᠭ᠎ᠠ ᠶᠢᠨ ᠠᠯᠪᠠᠨ ᠭᠡᠷ︾ ᠤᠨ ᠦᠢᠯᠡᠴᠢᠯᠡᠭᠡᠨ ᠤ ᠲᠤᠰᠬᠠᠶ ᠣᠷᠣᠨ ᠲᠤᠬᠢᠷᠠᠭᠤᠯᠵᠦ᠂ ᠣᠯᠠᠨ ᠲᠦᠮᠡᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠰᠤᠷᠭᠠᠨ ᠬᠥᠮᠦᠵᠢᠯ᠂ ᠡᠮᠴᠢᠯᠡᠭᠡ᠂ ᠣᠷᠣᠨ ᠰᠠᠭᠤᠴᠠ᠂ ᠨᠡᠶᠢᠭᠡᠮ ᠤᠨ ᠪᠠᠲᠤᠯᠠᠭ᠎ᠠ᠂ ᠠᠷᠠᠳ ᠤᠨ ᠶᠠᠪᠤᠳᠠᠯ᠂ ᠵᠠᠮ ᠬᠠᠷᠢᠯᠴᠠᠭ᠎ᠠ ᠵᠡᠷᠭᠡ ᠣᠯᠠᠨ ᠭᠤᠤᠯᠳᠠᠯᠭ᠎ᠠ ᠲᠠᠢ ᠬᠦᠷᠢᠶᠡᠨ ᠳᠠᠬᠢ 103 ᠵᠦᠢᠯ ᠤᠨ ᠥᠨᠳᠥᠷ ᠲᠠᠪᠳᠠᠮᠵᠢᠳᠤ ᠵᠦᠢᠯᠡᠰ ᠤᠨ ᠲᠣᠭᠤᠷᠢᠨ ᠳᠤ᠂ ᠠᠵᠤ ᠠᠬᠤᠶᠢᠯᠠᠯ ᠪᠠ ᠣᠯᠠᠨ ᠲᠦᠮᠡᠨ ᠳᠤ ᠢᠵᠢ ᠦᠢᠯᠡᠴᠢᠯᠡᠭᠡᠨ ᠤ ᠮᠠᠶ᠋ᠢᠭ ᠤᠨ᠂ ᠭᠤᠤᠯ ᠰᠡᠳᠦᠪᠲᠦ ᠮᠠᠶ᠋ᠢᠭ ᠤᠨ ᠬᠤᠷᠠᠮᠠᠯ  ᠦᠢᠯᠡᠴᠢᠯᠡᠭᠡ ᠬᠠᠩᠭᠠᠵᠤ᠂ ᠰᠢᠨ᠎ᠡ ᠮᠠᠶ᠋ᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠳᠤ ︽ᠦᠢᠯᠡᠴᠢᠯᠡᠭᠴᠢ︾  ᠶᠢᠨ ᠦᠢᠯᠡᠴᠢᠯᠡᠬᠦ   ᠠᠵᠢᠯ ᠢ ᠰᠠᠶᠢᠲᠤᠷ ᠬᠢᠵᠦ ᠪᠠᠶᠢᠨ᠎ᠠ᠃ ᠣᠳᠣ ᠪᠣᠯᠲᠠᠯ᠎ᠠ᠂ 2 ᠤᠬᠠᠭᠤᠯᠭ᠎ᠠ ᠶᠢᠨ ᠪᠤᠯᠤᠩ᠂ ᠤᠬᠠᠭᠤᠯᠭ᠎ᠠ ᠶᠢᠨ ᠭᠠᠷ ᠳᠡᠪᠲᠡᠷ ᠢ 500 ᠭᠠᠷᠤᠶ ᠳᠡᠪᠲᠡᠷ ᠵᠣᠬᠢᠶᠠᠵᠤ᠂ 96 ᠵᠦᠢᠯ ᠤᠨ ᠬᠡᠷᠡᠭ ᠡᠷᠭᠢᠯᠡᠬᠦ ᠵᠦᠭᠯᠡᠭᠦᠷ ᠢ ᠡᠮᠬᠢᠯᠡᠨ ᠨᠡᠶᠢᠲᠡᠯᠡᠵᠦ᠂ 1265 ᠵᠦᠢᠯ ᠤᠨ ︽ᠨᠢᠭᠡ ᠯᠡ ᠤᠳᠠᠭ᠎ᠠ ᠳᠤ ᠭᠦᠢᠴᠡᠳᠭᠡᠬᠦ︾ ᠵᠦᠢᠯᠡᠰ ᠢ ᠭᠥᠯᠢᠶᠡᠨ ᠠᠪᠴᠤ ᠰᠢᠢᠳᠪᠦᠷᠢᠯᠡᠵᠡᠢ᠃ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠤ ᠲᠣᠳᠣᠷᠬᠠᠶ ᠵᠢᠯᠣᠭᠤᠳᠣᠯᠭ᠎ᠠ ᠬᠠᠩᠭᠠᠵᠤ᠂ ︽ᠨᠢᠭᠡ ᠤᠳᠠᠭ᠎ᠠ ᠳᠤ ᠮᠡᠳᠡᠭᠳᠡᠬᠦ᠂ ᠨᠢᠭᠡ ᠬᠦᠰᠦᠨᠦᠭᠲᠦ ᠪᠠᠷ ᠮᠡᠳᠡᠭᠦᠯᠬᠦ᠂ ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ᠂ ᠨᠢᠭᠡ ᠤᠳᠠᠭ᠎ᠠ ᠳᠤ  ᠰᠢᠢᠳᠪᠦᠷᠢᠯᠡᠵᠦ ᠳᠠᠭᠤᠰᠬᠠᠬᠤ︾ ᠶᠢ ᠪᠡᠶᠡᠯᠡᠭᠦᠯᠵᠦ᠂ ᠬᠢᠨᠠᠨ ᠵᠥᠪᠰᠢᠶᠡᠷᠡᠬᠦ ᠵᠦᠢᠯᠡᠰ ᠢ ᠭᠦᠢᠴᠡᠳᠭᠡᠬᠦ ᠴᠠᠭ ᠤᠨ ᠬᠢᠵᠠᠭᠠᠷ ᠢ ᠬᠠᠤᠯᠢ ᠪᠠᠷ ᠲᠣᠭᠲᠠᠭᠠᠭᠰᠠᠨ ᠴᠠᠭ ᠤᠨ ᠬᠢᠵᠠᠭᠠᠷ ᠤᠨ ᠰᠠᠭᠤᠷᠢᠨ ᠳᠡᠭᠡᠷ᠎ᠡ 40% ᠳᠤ ᠬᠦᠷᠭᠡᠵᠦ᠂ ᠭᠦᠶᠦᠯᠲᠡ ᠶᠢᠨ ᠤᠳᠠᠭ᠎ᠠ ᠶᠢ ᠬᠠᠰᠤᠬᠤ ᠬᠠᠷᠢᠴᠠᠯ ᠢ 93% ᠳᠤ ᠬᠦᠷᠭᠡᠵᠦ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠢᠯᠡᠳᠲᠡ ᠳᠡᠭᠡᠭᠰᠢᠯᠡᠭᠦᠯᠪᠡ᠃ ᠰᠠᠯᠠᠭ᠎ᠠ ᠮᠥᠴᠢᠷ ᠠᠴᠠ ᠨᠢᠭᠡ ᠤᠴᠢᠷ ᠶᠠᠪᠤᠳᠠᠯ ᠢ ᠬᠢᠨᠠᠨ ᠵᠥᠪᠰᠢᠶᠡᠷᠡᠬᠦ ᠠᠴᠠ ᠠᠵᠤ ᠠᠬᠤᠶᠢᠯᠠᠯ ᠤᠨ ᠤᠯᠠᠨ ᠲᠦᠮᠡᠨ ᠳᠤ ᠦᠢᠯᠡᠴᠢᠯᠡᠬᠦ ︽ᠨᠢᠭᠡ ᠤᠴᠢᠷ ᠶᠠᠪᠤᠳᠠᠯ︾ ᠲᠡᠰᠢ ᠬᠤᠪᠢᠷᠠᠭᠤᠯᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠠᠵᠤ ᠠᠬᠤᠶᠢᠯᠠᠯ ᠪᠣᠯᠤᠨ ᠤᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠤ ᠬᠦᠴᠢᠷᠲᠡᠢ᠂ ᠠᠵᠢᠯ ᠶᠠᠪᠤᠳᠠᠯ ᠰᠢᠢᠳᠪᠦᠷᠢᠯᠡᠬᠦ ᠳᠤ ᠤᠳᠠᠭᠠᠨ᠂ ᠤᠯᠠᠨ ᠲᠠᠯ᠎ᠠ ᠠᠴᠠ ᠭᠦᠶᠦᠬᠦ᠂ ᠨᠠᠰᠢ ᠴᠠᠰᠢ ᠭᠦᠶᠦᠯᠭᠡᠬᠦ ᠵᠡᠷᠭᠡ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠠᠵᠤ ᠠᠬᠤᠶᠢᠯᠠᠯ ᠪᠣᠯᠤᠨ ᠤᠯᠠᠨ ᠲᠦᠮᠡᠨ ᠳᠤ ᠨᠡᠩ ᠥᠨᠳᠥᠷ ᠪᠦᠲᠦᠮᠵᠢᠲᠡᠢ᠂ ᠳᠥᠭᠦᠮ ᠳᠥᠲᠡ᠂ ᠴᠢᠨᠠᠷ ᠰᠠᠶᠢᠲᠠᠢ ᠦᠢᠯᠡᠴᠢᠯᠡᠭᠡ ᠬᠠᠩᠭᠠᠵᠤ᠂ ᠮᠠᠨ ᠤ ᠰᠢᠶᠠᠨ ᠳᠤ ᠲᠡᠷᠢᠭᠦᠨ ᠵᠡᠷᠭᠡ ᠶᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠵᠤ ᠥᠭᠴᠡᠢ᠃            
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1