ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠲᠠᠬᠤ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠳᠥᠷᠪᠡᠳᠦᠭᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/8/20
      8 ᠳ᠋ᠤᠭᠠᠷ ᠰᠠᠷ᠎ᠠ ᠶᠢᠨ 19 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠲᠠᠬᠤ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠬᠤᠷᠠᠯᠳᠤᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠰᠢᠶᠠᠨ ᠤ ᠳᠠᠷᠤᠭ᠎ᠠ ᠭᠤᠤ ᠵᠧᠩ ᠬᠤᠷᠠᠯ ᠡᠷᠭᠢᠯᠡᠪᠡ᠃
       ᠬᠤᠷᠠᠯ ᠠᠴᠠ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠬᠢᠨᠠᠨ ᠪᠤᠳᠤᠯᠲᠠ ᠪᠠᠷ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ ᠲᠤᠬᠠᠢ ᠰᠠᠨᠠᠯ︾᠂ ︽ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ︾ ᠢ ᠤᠯᠠᠮᠵᠢᠯᠠᠨ ᠰᠤᠷᠤᠯᠴᠠᠵᠤ᠂ ᠮᠠᠨ ᠤ ᠰᠢᠶᠠᠨ ᠳᠤ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ︔ ᠰᠢᠶᠠᠨ ᠤ ᠬᠠᠷᠢᠶ᠎ᠠ ᠪᠠᠶᠢᠭᠤᠯᠤᠯᠭ᠎ᠠ ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠠᠵᠢᠯᠴᠢᠨ ᠪᠣᠯᠤᠨ ᠪᠥᠬᠦ ᠰᠢᠶᠠᠨ ᠤ ᠸᠠᠺᠼᠢᠨ ᠤ ᠲᠠᠷᠢᠯᠭ᠎ᠠ ᠶᠢᠨ ᠪᠠᠶᠢᠳᠠᠯ ᠢ ᠮᠡᠳᠡᠭᠳᠡᠵᠦ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ︔ ᠳ᠋ᠠ ᠾᠸᠢ ᠡᡁᠧ ᠶᠢᠨ ᠲᠤᠭᠳᠠᠬᠤ ᠰᠢᠶᠠᠨ ᠤ ᠬᠡᠰᠡᠭ ᠤᠨ ᠵᠣᠬᠢᠶᠠᠮᠠᠯ ᠨᠤᠭᠤ ᠭᠠᠵᠠᠷ ᠢ ᠵᠠᠰᠠᠬᠤ ᠢᠨᠵᠧᠨᠧᠷᠢᠩ ︵ᠤᠰᠤᠨ ᠤ ᠴᠢᠨᠠᠷ ᠢ ᠴᠡᠪᠡᠷᠰᠢᠭᠦᠯᠬᠦ ᠵᠢᠴᠢ ᠠᠮᠢ ᠠᠬᠤᠢ ᠶᠢ ᠰᠡᠷᠭᠦᠭᠡᠬᠦ ᠢᠨᠵᠧᠨᠧᠷᠢᠩ︶ ᠤᠨ ᠬᠤᠯᠪᠣᠭᠳᠠᠯ ᠪᠦᠬᠦᠢ ᠶᠠᠪᠤᠳᠠᠯ ᠢ ᠰᠤᠳᠤᠯᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠵᠠᠪᠠᠯ ︽ᠬᠤᠶᠠᠷ ᠢ ᠬᠠᠮᠠᠭᠠᠯᠠᠬᠤ︾ ᠳᠡᠭᠡᠳᠦ ᠬᠡᠮᠵᠢᠶᠡᠨ ᠠᠴᠠ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ︽ᠰᠠᠨᠠᠯ︾ ᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠰᠤᠷᠤᠯᠴᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠪᠣᠳᠠᠲᠠᠢ ᠰᠠᠶᠢᠲᠤᠷ ᠠᠳᠬᠤᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠶᠡᠷᠦᠩᠬᠡᠶ ᠱᠦᠵᠢ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠬᠢᠭᠰᠡᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠬᠠᠷᠭᠤᠭᠤᠯᠵᠤ᠂ ᠰᠢᠨ᠎ᠡ ᠴᠠᠭ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠰᠤᠷᠭᠠᠭᠤᠯᠢ ᠡᠷᠭᠢᠯᠡᠬᠦ ᠵᠥᠪ ᠴᠢᠭᠯᠡᠯ ᠢ ᠪᠠᠷᠢᠮᠲᠠᠯᠠᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠶᠢ ᠪᠠᠷᠢᠮᠲᠠᠯᠠᠵᠤ᠂ ᠦᠢᠯᠡᠳᠪᠦᠷᠢᠯᠡᠯ ᠵᠢᠭᠠᠨ ᠰᠤᠷᠭᠠᠯᠲᠠ ᠶᠢᠨ ᠠᠭᠤᠰᠤᠯᠴᠠᠯ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠰᠢᠶᠠᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠬᠥᠮᠦᠨ ᠬᠥᠮᠦᠵᠢᠭᠦᠯᠬᠦ ᠠᠷᠭ᠎ᠠ ᠬᠡᠯᠪᠡᠷᠢ᠂ ᠰᠤᠷᠭᠠᠭᠤᠯᠢ ᠡᠷᠬᠢᠯᠡᠬᠦ ᠵᠠᠭᠪᠤᠷ᠂ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠲᠥᠰᠦᠪᠯᠡᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ ᠬᠠᠷᠢᠯᠴᠠᠨ ᠵᠣᠬᠢᠴᠠᠯᠳᠤᠬᠤ ᠶᠢ ᠠᠬᠢᠭᠤᠯᠵᠤ᠂ ᠨᠡᠩ ᠤᠯᠠᠨ ᠥᠨᠳᠥᠷ ᠬᠡᠪ ᠪᠣᠯᠪᠠᠰᠤᠷᠠᠯ ᠲᠠᠢ ᠤᠷ᠎ᠠ ᠮᠡᠷᠭᠡᠰᠢᠯᠳᠦ ᠴᠢᠳᠠᠪᠤᠷᠢᠲᠠᠨ᠂ ᠤᠷᠠᠨ ᠳᠠᠷᠬᠠᠨ ᠢ ᠬᠥᠮᠦᠵᠢᠭᠦᠯᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠪᠦᠬᠦᠢ ᠴᠢᠳᠠᠪᠤᠷᠢᠲᠠᠨ ᠤ ᠪᠠᠲᠤᠯᠠᠭ᠎ᠠ ᠬᠠᠩᠭᠠᠨ᠎ᠠ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠬᠢᠬᠦ ᠠᠵᠢᠯ ᠪᠣᠯ ᠨᠠᠮ ᠤᠨ ᠲᠥᠪ ᠬᠤᠷᠢᠶ᠎ᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠴᠢᠬᠤᠯᠠ ᠶᠡᠭᠡ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠡᠷᠢᠭᠦᠨ ᠴᠢᠬᠤᠯᠠ ᠡᠭᠦᠷᠭᠡ ᠮᠥᠨ᠃ ︽ᠪᠥᠬᠦ ᠰᠢᠶᠠᠨ ᠢᠶᠠᠷ ᠢᠶᠠᠨ ᠨᠢᠭᠡ ᠬᠥᠯᠭᠡ ᠰᠢᠲᠠᠷ᠎ᠠ ᠮᠡᠲᠦ ᠪᠠᠶᠢᠬᠤ︾ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠠᠵᠢᠯ ᠤᠨ ᠡᠷᠴᠢᠮ ᠢ ᠴᠢᠩᠭᠠᠳᠬᠠᠨ᠂ ᠸᠠᠺᠼᠢᠨ ᠢ ᠲᠠᠷᠢᠯᠭ᠎ᠠ ᠬᠢᠬᠦ ᠶᠣᠰᠣᠲᠠᠶ ᠶᠢ ᠨᠢ ᠴᠥᠮ ᠲᠠᠷᠢᠯᠭ᠎ᠠ ᠬᠢᠭᠦ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠡᠭᠡᠯᠢᠯᠡᠭᠡ ᠶᠢᠨ ᠠᠮᠤᠷ ᠲᠦᠪᠰᠢᠨ ᠤ ᠬᠠᠯᠬᠠᠪᠴᠢ ᠶᠢ ᠲᠦᠷᠭᠡᠳᠬᠡᠨ ᠪᠠᠬᠢᠵᠢᠭᠦᠯᠬᠦ ᠬᠡᠷᠡᠭᠲᠡᠶ ᠭᠡᠵᠡᠢ  ᠃      ᠬᠤᠷᠠᠯ ᠠᠴᠠ᠂ ᠳ᠋ᠠ ᠾᠸᠢ ᠡᡁᠧ ᠭᠤᠣᠯ ᠤᠨ ᠲᠤᠭᠳᠠᠬᠤ ᠰᠢᠶᠠᠨ ᠤ ᠬᠡᠰᠡᠭ ᠤᠨ ᠵᠣᠬᠢᠶᠠᠮᠠᠯ ᠨᠤᠭᠤ ᠭᠠᠵᠠᠷ ᠢ ᠵᠠᠰᠠᠬᠤ ᠢᠨᠵᠧᠨᠧᠷᠢᠩ ︵ᠤᠰᠤᠨ ᠤ ᠴᠢᠨᠠᠷ ᠢ ᠴᠡᠪᠡᠷᠰᠢᠭᠦᠯᠬᠦ ᠵᠢᠴᠢ ᠠᠮᠢ ᠠᠬᠤᠢ ᠶᠢ ᠰᠡᠷᠭᠦᠭᠡᠬᠦ ᠢᠨᠵᠧᠨᠧᠷᠢᠩ︶ ᠪᠣᠯ ᠮᠠᠨ ᠤ ᠰᠢᠶᠠᠨ ᠤ ᠬᠥᠬᠡᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠳᠤᠪᠤᠶᠢᠮ᠎ᠠ ᠠᠰᠠᠭᠤᠳᠠᠯ ᠪᠣᠯᠤᠨ ᠳ᠋ᠠ ᠾᠸᠢ ᠡᡁᠧ ᠭᠤᠣᠯ ᠤᠨ ᠰᠠᠪᠠ ᠭᠠᠵᠠᠷ ᠤᠨ ᠤᠰᠤᠨ ᠴᠣᠭᠴᠠ ᠶᠢ ᠪᠠᠷᠢᠮᠵᠢᠶ᠎ᠠ ᠳᠤ ᠬᠦᠷᠭᠡᠵᠦ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠢᠨᠵᠧᠨᠧᠷᠢᠩ ᠪᠣᠯᠤᠨ᠎ᠠ᠂ ᠠᠵᠢᠯ ᠤᠨ ᠲᠤᠰᠬᠠᠢ ᠠᠩᠬᠢ ᠪᠠᠶᠢᠭᠤᠯᠵᠤ᠂ ᠲᠦᠷᠭᠡᠨ ᠠᠬᠢᠭᠤᠯᠵᠤ᠂ ᠲᠣᠭᠲᠠᠭᠰᠠᠨ ᠬᠤᠭᠤᠴᠠᠭᠠᠨ ᠳᠤ ᠪᠦᠳᠦᠭᠡᠨ ᠪᠠᠶᠢᠭᠤᠯᠬᠤ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠰᠢᠷᠦᠭᠦᠨ ᠪᠣᠷᠣᠭᠠᠨ ᠢ ᠰᠡᠷᠭᠡᠶᠢᠯᠡᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠤᠭᠰᠠᠨ ᠪᠥᠭᠡᠳ ᠪᠤᠰᠤᠳ ᠵᠦᠢᠯᠡᠰ ᠢ ᠰᠤᠳᠤᠯᠵᠠᠢ᠃      ᠰᠢᠶᠠᠨ ᠤ ᠤᠳᠤᠷᠢᠳᠤᠯᠭ᠎ᠠ ᠰᠦᠨ ᠰᠢᠶᠦ᠋ᠨ᠂ ᠶᠦᠨ ᠷᠦᠢ ᠵᠢᠶᠦ᠋ᠨ᠂ ᠸᠠᠩ ᠮᠢᠩ ᠵᠢᠴᠢ ᠰᠢᠶᠠᠨ ᠤ ᠨᠠᠮ ᠤᠨ ᠬᠤᠷᠢᠶ᠎ᠠ ᠶᠢᠨ ᠡᠯ᠎ᠡ ᠪᠠᠶᠢᠩᠭᠤ ᠶᠢᠨ ᠭᠡᠰᠢᠭᠦᠨ᠂ ᠰᠢᠶᠠᠨ ᠤ ᠭᠠᠵᠠᠷ ᠤᠨ ᠲᠡᠰ ᠤᠨ ᠬᠠᠮᠢᠶ᠎ᠠ ᠪᠦᠬᠦᠢ ᠤᠳᠤᠷᠢᠳᠤᠯᠭ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1