ᠵᠣᠷᠯᠣᠩ ᠤᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ ᠰᠠᠭᠤᠭᠠᠯᠢ ᠠᠷᠠᠳ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠦᠷᠭᠦᠯᠵᠢᠯᠡᠨ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2021/8/22
      ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠪᠣᠯ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠨᠢᠭᠡ ᠵᠦᠢᠯ ᠤᠨ ᠴᠢᠬᠤᠯᠠ ᠠᠭᠤᠯᠭ᠎ᠠ ᠮᠥᠨ᠂ ᠪᠠᠰᠠ ᠴᠤ ᠨᠢᠭᠡ ᠵᠦᠢᠯ ᠤᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠨᠠᠩ ᠴᠤ ᠠᠷᠠᠳ ᠤᠨ ᠰᠡᠳᠬᠢᠯ ᠤᠨ ᠢᠨᠵᠧᠨᠧᠷᠢᠩ ᠮᠥᠨ᠃ ᠭᠦ᠋ ᠴᠧᠩ ᠪᠠᠯᠭᠠᠰᠤ ᠢᠮᠠᠭᠲᠠ ︽ᠠᠷᠠᠳ ᠲᠦᠮᠡᠨ ᠢᠶᠠᠷ ᠭᠤᠣᠯ ᠪᠣᠯᠭᠠᠬᠤ︾ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠠᠮᠤᠭ ᠤᠨ ᠥᠷᠭᠡᠨ ᠣᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠬᠦ᠂ ᠰᠠᠶᠢᠲᠤᠷ ᠬᠠᠮᠠᠭᠠᠯᠠᠬᠤ᠂ ᠰᠠᠶᠢᠲᠤᠷ ᠬᠥᠭᠵᠢᠭᠦᠯᠬᠦ ᠶᠢ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠠᠵᠢᠯ ᠢ ᠰᠠᠶᠢᠲᠤᠷ ᠬᠢᠬᠦ ᠶᠢᠨ ᠡᠭᠦᠰᠭᠡᠯ ᠪᠠ ᠲᠡᠭᠦᠰᠬᠡᠯ ᠪᠣᠯᠭᠠᠵᠤ ᠂ ᠬᠥᠳᠡᠭᠡ ᠲᠣᠰᠬᠤᠨ ᠤ ᠵᠣᠷᠯᠣᠩ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠪᠠ ᠵᠢᠷᠤᠮᠵᠢᠭᠰᠠᠨ ᠬᠠᠮᠢᠶᠠᠷᠤᠯᠲᠠ ᠶᠢ ᠦᠷᠭᠦᠯᠵᠢᠯᠡᠨ ᠠᠬᠢᠭᠤᠯᠵᠤ᠂ ᠬᠥᠳᠡᠭᠡ ᠲᠣᠰᠬᠤᠨ ᠤ ᠵᠣᠷᠯᠣᠩ ᠢ ᠡᠷᠦᠬᠡ ᠪᠣᠯᠭᠠᠨ  ᠦᠭᠡᠷᠡᠴᠢᠯᠡᠨ ᠬᠡᠷᠡᠭᠯᠡᠭᠦᠯᠬᠦ ᠶᠢ ᠦᠨᠡᠨ ᠬᠦ ᠪᠠᠲᠤᠯᠠᠵᠤ᠂ ᠣᠯᠠᠨ ᠲᠦᠮᠡᠨ ᠤ ᠵᠣᠯ ᠵᠢᠷᠭᠠᠯᠲᠤ ᠠᠮᠢᠳᠤᠷᠠᠯ ᠤᠨ ᠬᠠᠨᠤᠮᠵᠢ ᠶᠢᠨ ᠬᠡᠮᠵᠢᠶ᠎ᠡ ᠶᠢ ᠲᠡᠭᠡᠭᠰᠢᠯᠡᠭᠦᠯᠵᠦ ᠪᠠᠶᠢᠨ᠎ᠠ᠃      ᠡᠷᠦᠬᠡ ᠶᠢᠨ ᠪᠠᠶᠢᠳᠠᠯ ᠳᠤᠨᠢ ᠳᠣᠭᠢᠷᠠᠭᠤᠯᠤᠨ ︽ᠵᠣᠷᠯᠣᠩ︾ ᠢ ᠬᠡᠷᠡᠭᠯᠡᠭᠦᠯᠬᠦ ᠶᠢ ᠪᠠᠷᠢᠮᠲᠠᠯᠠᠵᠤ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠪᠠᠷ ᠤᠳᠤᠷᠢᠳᠤᠮᠵᠢ ᠪᠣᠯᠭᠠᠨ᠎ᠠ᠃ ᠭᠦ᠋ ᠴᠧᠩ ᠪᠠᠯᠭᠠᠰᠤ ᠶᠢᠨ ᠬᠢᠨ ᠢᠮᠠᠭᠲᠠ ᠤᠯᠠᠨ ᠲᠦᠮᠡᠨ ᠤ ᠰᠡᠳᠬᠢᠯ ᠬᠠᠨᠤᠮᠵᠢᠲᠠᠢ ᠪᠠᠶᠢᠬᠤ ᠶᠢ ᠠᠵᠢᠯ ᠤᠨ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠣᠷᠯᠣᠩ ᠢ ᠥᠭᠡᠷᠡᠴᠢᠯᠡᠬᠦ ᠠᠵᠢᠯ ᠢ ᠯᠠᠪᠳᠠᠭᠤᠨ ᠪᠠᠲᠤᠲᠠᠢ ᠡᠮᠬᠢ ᠳᠢᠭᠯᠢᠮ ᠲᠠᠢ ᠠᠬᠢᠭᠤᠯᠵᠠᠢ᠃ ᠲᠣᠰᠬᠤᠨ ᠢ ᠳᠠᠭᠠᠭᠠᠴᠢᠯᠠᠭᠰᠠᠨ ᠺᠠᠳ᠋ᠷ᠂ ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠬᠦᠨ ᠵᠢᠴᠢ ᠪᠠᠷᠢᠯᠭ᠎ᠠ ᠶᠢᠨ ᠲᠠᠯ᠎ᠠ ᠶᠢᠨ ᠬᠢᠨ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ ᠰᠤᠷᠪᠤᠯᠵᠢᠯᠠᠬᠤ ᠪᠠᠷ ᠳᠡᠮᠵᠢᠨ᠂ ᠨᠢᠭᠡ ᠲᠣᠰᠬᠤᠨ ᠳᠤ ᠨᠢᠭᠡ ᠲᠠᠩᠰᠠ ᠡᠪᠬᠡᠮᠡᠯ᠂ ᠨᠢᠭᠡ ᠡᠷᠦᠬᠡ ᠳᠤ ᠨᠢᠭᠡ ᠠᠷᠭ᠎ᠠ ᠶᠢ ᠪᠠᠷᠢᠮᠲᠠᠯᠠᠨ᠂ ᠠᠳᠠᠯᠢ ᠪᠤᠰᠤ ᠭᠠᠵᠠᠷ ᠣᠷᠣᠨ ᠤ ᠪᠣᠳᠠᠲᠠᠶ ᠪᠠᠶᠢᠳᠠᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠵᠣᠷᠯᠣᠩ ᠢ ᠥᠭᠡᠷᠡᠴᠢᠯᠡᠬᠦ ᠲᠥᠰᠦᠯ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠪᠠᠷᠢᠮᠵᠢᠶ᠎ᠠ ᠶᠢᠨ ᠵᠠᠭᠪᠤᠷ ᠢ ᠵᠦᠶ ᠵᠣᠬᠢᠰᠲᠠᠶ ᠰᠣᠩᠭᠤᠨ᠂ ᠡᠷᠦᠬᠡ ᠶᠢᠨ ᠵᠣᠷᠯᠣᠩ ᠢ ᠤᠳᠠᠭᠠᠨ ᠳᠠᠭᠠᠭᠠᠮᠠᠭᠠᠶ ᠪᠠᠷ ᠬᠡᠷᠡᠭᠯᠡᠬᠦ᠂ ᠪᠠᠶᠢᠩᠭᠤ ᠬᠡᠷᠡᠭᠯᠡᠬᠦ ᠳᠤ ᠲᠥᠬᠦᠮ᠂ ᠠᠷᠢᠭᠤᠨ ᠴᠡᠪᠡᠷ ᠬᠡᠷᠡᠭᠯᠡᠬᠦ ᠳᠤ ᠰᠠᠶᠢᠨ ᠪᠠᠶᠢᠬᠤ ᠶᠢ ᠪᠠᠲᠤᠯᠠᠵᠤ᠂ ᠵᠣᠷᠯᠣᠩ ᠢ ᠦᠨᠡᠨ ᠬᠦ ᠠᠷᠠᠳ ᠲᠤ ᠠᠰᠢᠭ ᠬᠦᠷᠲᠡᠭᠡᠬᠦ ᠠᠷᠠᠳ ᠤᠨ ᠠᠮᠢᠳᠤᠷᠠᠯ ᠤᠨ ᠲᠥᠷᠥᠯ ᠵᠦᠢᠯ ᠪᠤᠯᠭᠠᠪᠠ᠃ ᠲᠣᠰᠬᠤᠨ ᠤ ᠤᠳᠤᠷᠢᠳᠤᠯᠭ᠎ᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠥᠮᠦᠰ ᠢ ᠵᠣᠬᠢᠶᠠᠨ ᠪᠠᠶᠢᠭᠤᠯᠤᠨ ᠵᠣᠷᠯᠣᠩ ᠢ ᠵᠢᠭᠰᠠᠭᠠᠨ ᠪᠠᠶᠢᠴᠠᠭᠠᠵᠤ᠂ ᠵᠣᠷᠯᠣᠩ ᠢ ᠥᠭᠡᠷᠡᠴᠢᠯᠡᠬᠦ ᠶᠠᠪᠤᠴᠠ ᠳᠤ ᠢᠯᠡᠷᠡᠭᠦᠯᠦᠭᠰᠡᠨ ᠳᠤᠯᠠᠭᠠᠯᠠᠭ᠎ᠠ᠂ ᠭᠡᠷᠡᠯᠲᠦᠭᠦᠯᠭᠡ᠂ ᠤᠭᠰᠠᠷᠠᠯᠲᠠ ᠶᠢ ᠲᠠᠰᠤᠯᠳᠠᠭᠤᠯᠬᠤ ᠵᠡᠷᠭᠡ ᠠᠰᠠᠭᠤᠳᠠᠯ ᠳᠤ ᠴᠢᠭᠯᠡᠭᠦᠯᠦᠨ ᠪᠠᠷᠢᠯᠭ᠎ᠠ ᠶᠢᠨ ᠲᠠᠯ᠎ᠠ ᠶᠢᠨ ᠬᠠᠷᠢᠭᠤᠴᠠᠯᠭᠠᠲᠠᠨ ᠲᠠᠢ ᠴᠠᠭ ᠲᠤᠬᠠᠶ ᠳᠤᠨᠢ ᠨᠡᠪᠲᠡᠷᠡᠯᠴᠡᠵᠦ᠂ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠲᠣᠭᠲᠠᠭᠠᠨ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠠᠬᠢᠴᠠ ᠪᠠ ᠶᠠᠰᠤ ᠴᠢᠨᠠᠷ ᠢ ᠴᠢᠩᠭ᠎ᠠ ᠠᠩᠬᠠᠷᠴᠤ᠂ ᠣᠯᠠᠨ ᠲᠦᠮᠡᠨ ᠳᠤ ︽ᠵᠣᠷᠯᠣᠩ ᠤᠨ ᠬᠤᠪᠢᠰᠬᠠᠯ︾ ᠠᠴᠠ ᠪᠣᠯᠤᠭᠰᠠᠨ ᠠᠰᠢᠭ ᠲᠤᠰᠠ ᠶᠢ ᠦᠨᠡᠨᠬᠦ ᠡᠳ᠋ᠯᠡᠭᠦᠯᠵᠦ᠂ ᠲᠣᠰᠬᠤᠨ ᠤ ᠠᠷᠠᠳ ᠤᠨ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠥᠬᠡᠶ ᠲᠡᠭᠡᠭᠰᠢᠯᠡᠭᠦᠯᠵᠦ ᠪᠠᠶᠢᠨ᠎ᠠ᠃      ᠰᠢᠨᠵᠢᠯᠡᠬᠦ ᠤᠬᠠᠭᠠᠨᠴᠢ ᠪᠠᠷ ︽ᠵᠣᠷᠯᠣᠩ︾ ᠢ ᠬᠡᠷᠡᠭᠯᠡᠬᠦ ᠶᠢ ᠪᠠᠷᠢᠮᠲᠠᠯᠠᠵᠤ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠪᠠᠷ ᠤᠳᠤᠷᠢᠳᠤᠮᠵᠢ ᠪᠣᠯᠭᠠᠨ᠎ᠠ᠃ ᠡᠷᠦᠬᠡ ᠶᠢᠨ ᠵᠣᠷᠯᠣᠩ ᠢ ᠥᠭᠡᠷᠡᠴᠢᠯᠡᠬᠦ ᠶᠠᠪᠤᠴᠠ ᠳᠤ ︽ᠠᠷᠢᠭᠤᠨ ᠴᠡᠪᠡᠷ᠂ ᠠᠷᠪᠢᠲᠠᠶ᠂ ᠡᠨᠧᠷᠭᠢ ᠠᠷᠪᠢᠯᠠᠬᠤ᠂ ᠣᠷᠴᠢᠨ ᠠᠬᠤᠶ ᠶᠢ ᠬᠠᠮᠠᠭᠠᠯᠠᠬᠤ︾ ᠵᠠᠷᠴᠢᠮ ᠢ ᠪᠠᠷᠢᠮᠲᠠᠯᠠᠵᠤ᠂ ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ ᠮᠠᠲ᠋ᠧᠷᠢᠶᠠᠯ ᠪᠠ ᠤᠰᠤ ᠠᠷᠪᠢᠯᠠᠬᠤ ᠪᠠᠭᠠᠵᠢ ᠶᠢ ᠰᠣᠩᠭᠤᠨ ᠬᠡᠷᠡᠭᠯᠡᠬᠦ ᠪᠠᠷ ᠪᠠᠷᠠᠬᠤ ᠥᠬᠡᠶ᠂ ᠨᠡᠷᠡᠨ ᠤ ᠡᠨᠧᠷᠭᠢ ᠶᠢᠨ ᠭᠡᠷᠡᠯᠲᠦᠭᠦᠯᠭᠡ ᠶᠢ ᠬᠡᠷᠡᠭᠯᠡᠨ᠂ ᠪᠠᠭᠠᠰᠤᠨ ᠲᠠᠲᠠᠭᠠᠯ ᠪᠠᠶᠢᠭᠤᠯᠬᠤ ᠳᠤ ᠪᠠᠰᠠ ᠤᠰᠤᠨ ᠤ ᠡᠬᠢ ᠰᠤᠷᠪᠤᠯᠵᠢ ᠵᠢᠴᠢ ᠪᠤᠰᠤᠳ ᠤᠰᠤᠨ ᠴᠣᠭᠴᠠ ᠠᠴᠠ ᠵᠠᠶᠢᠯᠠᠵᠤ᠂ ᠤᠰᠤᠨ ᠤ ᠪᠣᠬᠢᠷᠲᠤᠯ ᠡᠭᠦᠰᠭᠡᠬᠦ ᠠᠴᠠ ᠵᠠᠶᠢᠯᠠᠰᠬᠢᠬᠦ ᠬᠡᠷᠡᠭᠲᠡᠶ︔ ᠬᠡᠷᠪᠡ ᠲᠠᠷᠢᠶᠠᠴᠢᠨ ᠡᠷᠦᠬᠡ ᠣᠷᠣᠨ ᠰᠠᠭᠤᠴᠠ ᠶᠢ ᠰᠢᠨ᠎ᠡ ᠪᠠᠷ ᠪᠠᠷᠢᠬᠤ᠂ ᠥᠭᠡᠷᠡᠴᠢᠯᠡᠨ ᠪᠠᠶᠢᠭᠤᠯᠬᠤ ᠳᠤ ᠪᠠᠰᠠ ᠡᠷᠡᠭᠦᠯ ᠬᠠᠮᠠᠭᠠᠯᠠᠯ ᠤᠨ ᠵᠣᠷᠯᠣᠩ ᠢ ᠪᠠᠶᠢᠭᠤᠯᠬᠤ ᠲᠠᠢ ᠵᠡᠷᠭᠡ ᠪᠠᠷ ᠲᠥᠯᠥᠪᠵᠢᠭᠦᠯᠬᠦ᠂ ᠪᠠᠷᠢᠬᠤ ᠪᠠ ᠰᠢᠯᠭᠠᠨ ᠠᠪᠬᠤ ᠶᠢ ᠪᠣᠳᠣᠯᠬᠢᠯᠠᠬᠤ ᠬᠡᠷᠡᠭᠲᠡᠶ᠃ ᠤᠯᠠᠮᠵᠢᠯᠠᠯᠲᠤ ᠬᠠᠭᠤᠷᠠᠶ ᠵᠣᠷᠯᠣᠩ ᠲᠠᠢ ᠠᠳᠠᠯᠢᠳᠬᠠᠪᠠᠯ᠂ ᠰᠢᠨ᠎ᠡ ᠪᠠᠷ ᠪᠠᠶᠢᠭᠤᠯᠤᠭᠰᠠᠨ ᠵᠣᠷᠯᠣᠩ ᠨᠢ ᠪᠠᠭᠠᠰᠤ ᠰᠢᠭᠡᠰᠦᠨ ᠤ ᠣᠷᠴᠢᠨ ᠲᠣᠭᠤᠷᠢᠨ ᠤ ᠪᠣᠬᠢᠷᠲᠤᠯ ᠢ ᠪᠦᠲᠦᠮᠵᠢᠲᠡᠶ ᠠᠷᠢᠯᠭᠠᠵᠤ᠂ ᠡᠨᠧᠷᠭᠢ ᠠᠷᠪᠢᠯᠠᠬᠤ ᠮᠥᠷᠲᠡᠭᠡᠨ ᠣᠷᠴᠢᠨ ᠲᠣᠭᠤᠷᠢᠨ ᠢ ᠴᠤ ᠬᠠᠮᠠᠭᠠᠯᠠᠳᠠᠭ᠃      ᠤᠯᠠᠨ ᠤ ᠬᠦᠴᠦᠨ ᠤᠯᠠᠨ ᠤ ᠪᠤᠳᠤᠯᠭ᠎ᠠ ᠶᠢ ᠪᠠᠷᠢᠮᠲᠠᠯᠠᠵᠤ᠂ ᠤᠯᠠᠨ ᠲᠦᠮᠡᠨ ᠳᠤ ᠦᠢᠯᠡᠴᠢᠯᠡᠬᠦ ᠪᠠᠷ ᠤᠳᠤᠷᠢᠳᠤᠮᠵᠢ ᠪᠣᠯᠭᠠᠨ᠎ᠠ᠃ ︽ᠵᠣᠷᠯᠣᠩ ᠵᠢᠵᠢᠭ ᠪᠤᠯᠪᠠᠴᠦ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠪᠣᠯᠤᠨ᠎ᠠ︾᠃ ᠡᠨᠡ ᠵᠢᠯ᠂ ᠪᠠᠯᠭᠠᠰᠤᠨ ᠤ ᠨᠠᠮ ᠤᠨ ᠬᠤᠷᠢᠶ᠎ᠠ ᠣᠯᠠᠨ ᠤᠳᠠᠭ᠎ᠠ ᠬᠤᠷᠠᠯ ᠬᠤᠷᠠᠯᠳᠤᠭᠤᠯᠵᠤ᠂ ᠵᠣᠷᠯᠣᠩ ᠢ ᠥᠭᠡᠷᠡᠴᠢᠯᠡᠬᠦ ᠠᠵᠢᠯ ᠢ ᠲᠤᠰᠬᠠᠶ ᠰᠡᠳᠦᠪ ᠢᠶᠠᠷ ᠰᠤᠳᠤᠯᠵᠤ᠂ ᠵᠢᠭᠰᠠᠭᠠᠨ ᠪᠠᠶᠢᠴᠠᠭᠠᠬᠤ᠂ ᠴᠡᠭᠴᠡᠯᠡᠨ ᠥᠭᠡᠷᠡᠴᠢᠯᠡᠵᠦ ᠰᠢᠯᠭᠠᠨ ᠠᠪᠬᠤ ᠳᠤ ︽ᠪᠢᠲᠡᠭᠦᠤ ᠴᠠᠭᠠᠷᠢᠭ ᠬᠠᠮᠢᠶᠠᠷᠤᠯᠲᠠ︾ ᠶᠢ ᠬᠡᠷᠡᠭᠵᠢᠭᠦᠯᠪᠡ᠃ ︽ᠬᠡᠨ ᠲᠣᠰᠬᠤᠨ ᠢ ᠳᠠᠭᠠᠭᠠᠴᠢᠯᠠᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠬᠠᠷᠠᠯᠲᠠᠲᠤ ᠡᠭᠦᠷᠭᠡ ᠶᠢ ᠨᠠᠷᠢᠯᠢᠬᠵᠢᠭᠤᠯᠵᠤ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ ᠠᠵᠢᠯᠯᠠᠭ᠎ᠠ︾ ᠲᠠᠢ ᠤᠶᠠᠯᠳᠤᠭᠤᠯᠵᠤ᠂ ᠲᠣᠰᠬᠤᠨ ᠢ ᠳᠠᠭᠠᠭᠠᠴᠢᠯᠠᠭᠰᠠᠨ ᠤᠳᠤᠷᠢᠳᠤᠯᠭ᠎ᠠ ᠪᠣᠯᠤᠨ ᠲᠣᠰᠬᠤᠨ ᠢ ᠳᠠᠭᠠᠭᠠᠴᠢᠯᠠᠭᠰᠠᠨ ᠺᠠᠳ᠋ᠷ ᠬᠥᠳᠡᠭᠡ ᠲᠣᠰᠬᠤᠨ ᠳᠤ ᠭᠦᠨᠵᠡᠭᠡᠶᠢᠷᠡᠵᠦ᠂ ᠵᠡᠭᠡᠯᠢ ᠳᠡᠭᠡᠷ᠎ᠡ ᠲᠣᠰᠬᠤᠨ ᠤ ᠠᠷᠠᠳ ᠲᠠᠢ ᠵᠣᠭᠤᠭᠳᠠᠵᠤ᠂ ᠵᠣᠷᠯᠣᠩ ᠢ ᠥᠭᠡᠷᠡᠴᠢᠯᠡᠬᠦ ᠲᠦᠷᠦ ᠶᠢᠨ ᠪᠤᠳᠤᠯᠭ᠎ᠠ ᠶᠢᠨ ᠤᠯᠠᠨ ᠲᠦᠮᠡᠨ ᠤ ᠳᠤᠮᠳᠠ ᠣᠶᠢᠯᠠᠭᠠᠬᠤ ᠨᠤᠷᠮ᠎ᠠ ᠶᠢ ᠳᠡᠭᠡᠭᠰᠢᠯᠡᠭᠦᠯᠵᠦ᠂ ᠲᠣᠰᠬᠤᠨ ᠤ ᠠᠷᠠᠳ ᠢ ᠬᠦᠳᠦᠯᠦᠨ ᠵᠢᠯᠣᠭᠤᠳᠴᠤ ᠪᠠᠶᠢᠭᠠᠳ ᠵᠣᠷᠯᠣᠩ ᠢ ᠥᠭᠡᠷᠡᠴᠢᠯᠡᠬᠦ ᠠᠵᠢᠯ ᠳᠤ ᠢᠳᠡᠪᠬᠢᠲᠡᠢ ᠣᠷᠣᠯᠴᠠᠭᠤᠯᠤᠨ᠎ᠠ᠃      ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠡᠨᠡ ᠵᠢᠯ ᠭᠦ᠋ ᠴᠧᠩ ᠪᠠᠯᠭᠠᠰᠤ 1666 ᠡᠷᠦᠬᠡ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠡᠭᠦᠷᠭᠡᠯᠡᠬᠦ ᠪᠣᠯᠤᠨ᠎ᠠ᠃ 8 ᠳ᠋ᠤᠭᠠᠷ ᠰᠠᠷ᠎ᠠ ᠶᠢᠨ 12 ᠤᠨ ᠡᠳᠦᠷ ᠪᠣᠯᠲᠠᠯ᠎ᠠ᠂ ᠨᠢᠭᠡᠨᠲᠡ 940 ᠡᠷᠦᠬᠡ ᠶᠢ ᠠᠵᠢᠯ ᠡᠬᠢᠯᠡᠭᠦᠯᠦᠨ ᠪᠠᠶᠢᠭᠤᠯᠵᠤ᠂ ᠠᠵᠢᠯ ᠡᠬᠢᠯᠡᠭᠦᠯᠦᠭᠰᠡᠨ ᠨᠣᠷᠮ᠎ᠠ ᠨᠢ 56.4% ᠳᠤ ᠬᠦᠷᠪᠡ︔ 647 ᠡᠷᠦᠬᠡ ᠶᠢᠨ ᠠᠵᠢᠯ ᠢ ᠳᠠᠭᠤᠰᠬᠠᠵᠤ᠂ ᠠᠵᠢᠯ ᠢ ᠳᠠᠭᠤᠰᠬᠠᠭᠰᠠᠨ ᠨᠣᠷᠮ᠎ᠠ ᠨᠢ 38.8% ᠳᠤ ᠬᠦᠷᠴᠡᠶ᠃ ᠣᠳᠣᠬᠠᠨ ᠤ ᠪᠠᠷᠢᠯᠭ᠎ᠠ ᠶᠢᠨ ᠠᠵᠢᠯ ᠤᠨ ᠠᠬᠢᠴᠠ ᠶᠢ ᠦᠨᠳᠦᠰᠦᠯᠡᠪᠡᠯ᠂ ᠵᠢᠱᠢᠯᠲᠡ ᠪᠠᠷ 9 ᠳ᠋ᠤᠭᠡᠷ ᠰᠠᠷ᠎ᠠ ᠶᠢᠨ 20 ᠤ ᠡᠳᠦᠷ ᠠᠴᠠ ᠡᠮᠦᠨ᠎ᠡ ᠪᠥᠲᠥᠭᠡᠨ ᠪᠠᠶᠢᠭᠤᠯᠵᠤ ᠥᠭᠡᠷᠡᠴᠢᠯᠡᠬᠦ ᠡᠭᠦᠷᠭᠡ ᠪᠠᠨ ᠪᠦᠬᠦᠨ ᠢ ᠪᠡᠶᠡᠯᠡᠭᠦᠯᠦᠨ᠎ᠡ᠃      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠭᠦ᠋ ᠴᠧᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠢᠶ ᠶᠠ ᠨᠠᠨ ᠢᠯᠡᠷᠬᠡᠶᠢᠯᠡᠬᠦ ᠳᠡᠭᠡᠨ᠄ ᠬᠤᠶᠢᠰᠢᠳᠠ ᠭᠦ᠋ ᠴᠧᠩ ᠪᠠᠯᠭᠠᠰᠤ ᠦᠷᠭᠦᠯᠵᠢᠯᠡᠨ ︽ᠡᠮᠬᠢ ᠵᠢᠷᠤᠮ ᠲᠠᠢ ᠠᠬᠢᠭᠤᠯᠬᠤ᠂ ᠪᠦᠬᠦᠯᠢ ᠴᠣᠭᠴᠠ ᠪᠠᠷ ᠳᠡᠭᠡᠭᠰᠢᠯᠡᠭᠦᠯᠬᠦ᠂ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠬᠤ᠂ ᠣᠷᠳᠣ ᠬᠤᠭᠤᠴᠠᠭ᠎ᠠ ᠪᠠᠷ ᠪᠦᠲᠦᠮᠵᠢᠲᠡᠶ ᠠᠵᠢᠯᠯᠠᠭᠤᠯᠬᠤ︾ ᠦᠨᠳᠦᠰᠦᠨ ᠰᠡᠳᠬᠢᠴᠡ ᠪᠠᠷ ᠵᠣᠷᠯᠣᠩ ᠤᠨ ᠥᠭᠡᠷᠡᠴᠢᠯᠡᠯᠲᠡ ᠶᠢ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ‍ ᠨᠢᠭᠡ ᠵᠦᠢᠯ ᠤᠨ ᠭᠤᠤᠯᠳᠠᠯᠭ᠎ᠠ ᠲᠠᠢ ᠠᠵᠢᠯ ᠪᠣᠯᠭᠠᠵᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠲᠠᠰᠤᠷᠠᠯᠲᠠ ᠥᠬᠡᠶ ᠰᠠᠶᠢᠵᠢᠷᠠᠭᠤᠯᠤᠨ᠂ ᠠᠷᠠᠳ ᠣᠯᠠᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ︽ᠵᠣᠷᠯᠣᠩ ᠤᠨ ᠥᠭᠡᠷᠡᠴᠢᠯᠡᠯᠲᠡ︾ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠶᠡᠭᠡ ᠪᠥᠲᠥᠭᠡᠨ ᠪᠠᠶᠢᠭᠤᠯᠤᠯᠲᠠ︾ ᠳᠤ ᠬᠦᠴᠦᠨ ᠨᠡᠮᠡᠷᠢᠯᠡᠨ᠎ᠡ ᠭᠡᠪᠡ᠃
 
ᠢᠷᠡᠯᠲᠡ᠄ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1