ᠪᠦᠬᠦ ᠰᠢᠶᠠᠨ ᠤ ᠭᠤᠣᠯ ᠨᠠᠭᠤᠷ ᠤᠨ ᠳᠠᠷᠤᠭ᠎ᠠ ᠶᠢᠨ ᠳᠦᠷᠢᠮ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ 5 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/8/29
      8 ᠳ᠋ᠤᠭᠠᠷ ᠰᠠᠷ᠎ᠠ ᠶᠢᠨ 27 ᠤ ᠡᠳᠦᠷ᠂ ᠪᠦᠬᠦ ᠰᠢᠶᠠᠨ ᠤ ᠭᠤᠣᠯ ᠨᠠᠭᠤᠷ ᠤᠨ ᠳᠠᠷᠤᠭ᠎ᠠ ᠶᠢᠨ ᠳᠦᠷᠢᠮ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ 5 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠪᠠ᠃ ᠬᠤᠷᠠᠯ ᠠᠴᠠ ︽ᠲᠣᠭᠲᠠᠬᠤ ᠰᠢᠶᠠᠨ ᠤ 2021 ᠣᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠤᠨ ᠭᠤᠣᠯᠳᠠᠯᠭ᠎ᠠ︾ ᠶᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠵᠤ᠂ ᠤᠢᠢᠷ᠎ᠠ ᠶᠢᠨ ᠬᠤᠭᠤᠴᠠᠭᠠᠨ ᠤ ᠪᠦᠬᠦ ᠰᠢᠶᠠᠨ ᠤ ᠭᠤᠣᠯ ᠮᠥᠷᠡᠨ ᠨᠠᠭᠤᠷ ᠤᠨ ᠳᠠᠷᠤᠭ᠎ᠠ ᠶᠢᠨ ᠳᠦᠷᠢᠮ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠤᠨ ᠲᠤᠬᠠᠢ ᠪᠠᠶᠢᠷᠢᠯᠠᠭᠤᠯᠤᠯᠲᠠ ᠬᠢᠵᠡᠢ᠃
     ᠰᠢᠶᠠᠨ ᠤ ᠨᠠᠮ ᠤᠨ ᠬᠤᠷᠢᠶ᠎ᠠ ᠶᠢᠨ ᠱᠦᠵᠢ ᠯᠢ ᠴᠦᠨ ᠶᠠᠨ ᠬᠤᠷᠠᠯ ᠡᠷᠭᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠰᠢᠶᠠᠨ ᠤ ᠡᠯ᠎ᠡ ᠱᠠᠲᠤᠨ ᠤ ᠭᠤᠣᠯ ᠮᠥᠷᠡᠨ ᠨᠠᠭᠤᠷ ᠤᠨ ᠳᠠᠷᠤᠭ᠎ᠠ᠂ ᠡᠯ᠎ᠡ ᠪᠠᠯᠭᠠᠰᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠭᠤᠣᠯ ᠮᠥᠷᠡᠨ ᠨᠠᠭᠤᠷ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠴᠢᠩᠭ᠎ᠠ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠰᠡᠳᠬᠢᠯᠭᠡ ᠪᠠᠷ ᠭᠤᠣᠯ ᠮᠥᠷᠡᠨ ᠨᠠᠭᠤᠷ ᠤᠨ ᠳᠠᠷᠤᠭ᠎ᠠ ᠶᠢᠨ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠭᠤᠣᠯ ᠮᠥᠷᠡᠨ ᠨᠠᠭᠤᠷ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠣᠷᠢᠭ ᠰᠢᠭᠤᠳᠤᠨ ᠭᠤᠣᠯ ᠮᠥᠷᠡᠨ ᠨᠠᠭᠤᠷ ᠴᠥᠭᠦᠷᠥᠮ ᠢ ᠰᠠᠶᠢᠲᠤᠷ ᠬᠠᠮᠢᠶᠠᠷᠤᠨ ᠬᠠᠮᠠᠭᠠᠯᠠᠵᠤ᠂ ᠣᠷᠴᠢᠨ ᠲᠣᠭᠤᠷᠢᠨ ᠤ ᠪᠣᠬᠢᠷᠲᠤᠯ ᠢ ᠰᠠᠶᠢᠲᠤᠷ ᠵᠠᠰᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠲᠤᠷ ᠪᠦᠲᠦᠭᠡᠨ ᠪᠠᠶᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠠᠷᠠᠳ ᠲᠦᠮᠡᠨ ᠳᠤ ᠪᠤᠶᠠᠨ ᠦᠢᠯᠡᠳᠬᠦ ᠵᠣᠯ ᠵᠢᠷᠭᠠᠯᠲᠤ ᠭᠤᠣᠯ ᠮᠥᠷᠡᠨ ᠨᠠᠭᠤᠷ ᠴᠥᠭᠦᠷᠥᠮ ᠢ ᠲᠦᠷᠭᠡᠨ ᠪᠦᠲᠦᠭᠡᠨ ᠪᠠᠶᠢᠭᠤᠯᠬᠤ ᠬᠡᠷᠡᠭᠲᠡᠢ ᠭᠡᠵᠡᠢ᠃      ᠬᠤᠷᠠᠯ ᠠᠴᠠ᠂ ᠭᠤᠣᠯ ᠮᠥᠷᠡᠨ ᠨᠠᠭᠤᠷ ᠤᠨ ᠳᠠᠷᠤᠭ᠎ᠠ ᠶᠢᠨ ᠳᠦᠷᠢᠮ ᠤᠨ ᠠᠯᠪᠠᠨ ᠭᠡᠷ ᠤᠨ ᠡᠭᠦᠷᠭᠡ ᠴᠢᠳᠠᠪᠬᠢ ᠶᠢ ᠰᠠᠶᠢᠲᠤᠷ ᠪᠠᠳᠠᠷᠠᠭᠤᠯᠵᠤ᠂ ᠭᠤᠣᠯ ᠴᠠᠭᠳᠠᠭᠴᠢ ᠴᠡᠪᠡᠷᠯᠡᠭᠴᠢ ᠶᠢᠨ ᠳᠦᠷᠢᠮ ᠢ ᠪᠠᠶᠢᠭᠤᠯᠤᠨ ᠪᠦᠷᠢᠨᠰᠢᠬᠦᠯᠬᠦ ᠬᠡᠷᠡᠭᠲᠡᠢ︔ ᠤᠰᠤ ᠲᠠᠲᠠᠵᠤ ᠬᠡᠷᠡᠭᠯᠡᠬᠦ ᠤᠰᠤᠨ ᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ ᠠᠷᠠᠳ ᠲᠤ ᠤᠰᠤ ᠠᠷᠪᠢᠯᠠᠬᠤ ᠠᠵᠢᠯᠯᠠᠭ᠎ᠠ ᠶᠢ ᠥᠷᠨᠢᠭᠦᠯᠦᠨ᠂ ᠤᠰᠤ ᠠᠷᠪᠢᠯᠠᠵᠤ ᠤᠰᠤᠯᠠᠬᠤ ᠮᠡᠷᠭᠡᠵᠢᠯ ᠢ ᠳᠡᠯᠭᠡᠷᠡᠭᠦᠯᠵᠦ᠂ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ︔ ᠤᠰᠤᠨ ᠣᠷᠣᠨ ᠤ ᠡᠷᠭᠢ ᠶᠢᠨ ᠱᠤᠭᠤᠮ ᠤᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠭᠤᠣᠯ ᠤᠨ ᠭᠤᠯᠳᠤᠷᠢᠯ ᠠᠴᠠ ᠡᠯᠡᠰᠦ ᠮᠠᠯᠲᠠᠬᠤ ᠶᠢ ᠴᠢᠩᠭ᠎ᠠ ᠬᠠᠮᠢᠶᠠᠷᠤᠨ ᠡᠵᠡᠮᠳᠡᠵᠦ᠂ ᠭᠤᠣᠯ ᠮᠥᠷᠡᠨ ᠨᠠᠭᠤᠷ ᠴᠥᠭᠦᠷᠥᠮ ᠤᠨ ︽ᠲᠠᠪᠤᠨ ᠰᠠᠮᠠᠭᠤᠷᠠᠯ︾ ᠢ ᠠᠷᠢᠯᠭᠠᠬᠤ ᠠᠵᠢᠯ ᠢ ᠪᠠᠶᠢᠩᠭᠤᠵᠢᠭᠤᠯᠵᠤ ᠵᠢᠷᠤᠮᠵᠢᠭᠤᠯᠬᠤ ᠶᠢ ᠠᠬᠢᠭᠤᠯᠬᠤ ᠬᠡᠷᠡᠭᠲᠡᠢ︔ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠬᠤᠳᠠ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠠᠵᠢᠯ ᠢ ᠴᠢᠩᠭᠠᠳᠬᠠᠵᠤ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠰᠡᠷᠭᠡᠶᠢᠯᠡᠨ ᠵᠠᠰᠠᠬᠤ ᠡᠷᠴᠢᠮ ᠢ ᠴᠢᠩᠭᠠᠷᠠᠭᠤᠯᠵᠤ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠶᠢᠨ ᠪᠣᠬᠢᠷᠲᠤᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠦ᠂ ᠤᠰᠤᠨ ᠤ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠵᠤ᠂  ᠳ᠋ᠠ ᠾᠸᠢ ᠡᡁᠧ ᠭᠤᠣᠯ ᠤᠨ ᠲᠤᠭᠳᠠᠬᠤ ᠰᠢᠶᠠᠨ ᠤ ᠬᠡᠰᠡᠭ ᠤᠨ ᠠᠮᠢ ᠠᠬᠤᠢ ᠶᠢ ᠴᠡᠪᠡᠷᠰᠢᠭᠦᠯᠬᠦ ᠠᠵᠢᠯ ᠤᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠤᠤᠭᠤᠬᠤ ᠤᠰᠤᠨ ᠤ ᠬᠠᠮᠠᠭᠠᠯᠠᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠪᠣᠬᠢᠷ ᠦᠮᠡᠬᠡᠢ ᠤᠰᠤᠨ ᠴᠣᠭᠴᠠ ᠶᠢᠨ ᠵᠠᠰᠠᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠶᠢᠨ ᠪᠠᠶᠢᠩᠭᠤᠵᠢᠯᠲᠠ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ︔ ᠤᠰᠤᠨ ᠤ ᠠᠮᠢ ᠠᠬᠤᠢ ᠶᠢ ᠰᠡᠷᠭᠦᠭᠡᠬᠦ ᠪᠠ ᠬᠠᠮᠠᠭᠠᠯᠠᠬᠤ ᠶᠢ ᠠᠬᠢᠭᠤᠯᠵᠤ᠂ ᠨᠤᠭᠤ ᠭᠠᠵᠠᠷ ᠢ ᠬᠠᠮᠠᠭᠠᠯᠠᠬᠤ ᠡᠷᠴᠢᠮ ᠢᠶᠠᠨ ᠨᠠᠷᠢᠨ ᠬᠢᠨᠠᠮᠠᠭᠠᠢ ᠴᠢᠩᠭᠠᠷᠠᠭᠤᠯᠵᠤ᠂ ᠭᠤᠣᠯᠳᠠᠯᠭ᠎ᠠ ᠲᠠᠢ ᠰᠠᠪᠠ ᠭᠠᠵᠠᠷ ᠤᠨ ᠤᠰᠤᠨ ᠤ ᠠᠮᠢ ᠠᠬᠤᠢ ᠶᠢᠨ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠢ︔ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠭᠤᠣᠯ ᠮᠥᠷᠡᠨ ᠨᠠᠭᠤᠷ ᠴᠥᠭᠦᠷᠥᠮ ᠲᠠᠢ ᠬᠤᠯᠪᠣᠭᠳᠠᠭᠰᠠᠨ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠦᠨᠡᠨ ᠬᠦ ᠴᠢᠩᠭᠠᠳᠬᠠᠬᠤ ᠬᠡᠷᠡᠭᠲᠡᠶ᠃ ᠡᠭᠦᠨ ᠤ ᠬᠠᠮᠲᠤ᠂ ᠭᠤᠣᠯ ᠮᠥᠷᠡᠨ ᠨᠠᠭᠤᠷ ᠴᠥᠭᠦᠷᠥᠮ ᠢ ᠵᠠᠰᠠᠬᠤ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠶᠢ ᠴᠢᠨᠠᠷ ᠰᠠᠶᠢᠲᠠᠢ ᠪᠡᠶᠡᠯᠡᠭᠦᠯᠵᠦ᠂ ᠬᠠᠳᠤᠨ ᠭᠤᠣᠯ ᠤᠨ ᠲᠠᠩ ᠭᠠᠵᠠᠷ ᠢ ᠬᠠᠮᠢᠶᠠᠷᠤᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠵᠢᠭᠠᠨ ᠭᠠᠷᠭᠠᠪᠠ᠃      ᠬᠤᠷᠠᠯ ᠠᠴᠠ᠂ ᠪᠦᠬᠦ ᠰᠢᠶᠠᠨ ᠤ ᠡᠯ᠎ᠡ ᠱᠠᠲᠤᠨ ᠤ ᠤᠳᠤᠷᠢᠳᠬᠤ ᠺᠠᠳ᠋ᠷ ᠭᠤᠣᠯ ᠮᠥᠷᠡᠨ ᠨᠠᠭᠤᠷ ᠤᠨ ᠳᠠᠷᠤᠭ᠎ᠠ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠵᠡᠷᠭᠡ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠰᠤᠷᠤᠯᠴᠠᠯᠭ᠎ᠠ ᠪᠠᠨ ᠴᠢᠩᠭᠠᠳᠬᠠᠵᠤ᠂ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠰᠤᠳᠤᠯᠤᠨ ᠨᠡᠪᠲᠡᠷᠬᠡᠢ ᠣᠶᠢᠯᠠᠭᠠᠵᠤ᠂ ᠠᠵᠢᠯ ᠤᠨ ᠰᠢᠨᠵᠢᠯᠡᠬᠦ ᠤᠬᠠᠭᠠᠨᠴᠢ ᠴᠢᠨᠠᠷ᠂ ᠬᠠᠨᠳᠤᠯᠭᠠᠲᠤ ᠴᠢᠨᠠᠷ ᠪᠣᠯᠤᠨ ᠪᠣᠳᠠᠲᠤ ᠦᠷ᠎ᠡ ᠪᠦᠳᠦᠮᠵᠢᠳᠦ ᠴᠢᠨᠠᠷ ᠢ ᠦᠨᠡᠨᠬᠦ ᠴᠢᠩᠭᠠᠳᠬᠠᠬᠤ ᠬᠡᠷᠡᠭᠲᠡᠢ᠃ ᠡᠯ᠎ᠡ ᠪᠠᠯᠭᠠᠰᠤ᠂ ᠡᠯ᠎ᠡ ᠪᠦᠷᠢᠯᠳᠦᠬᠦᠨ ᠨᠢᠭᠡᠴᠢ  ᠨᠦᠭᠦᠳ ᠭᠤᠤᠯ ᠮᠦᠷᠡᠨ ᠨᠠᠭᠤᠷ ᠤᠨ ᠳᠠᠷᠤᠭ᠎ᠠ ᠶᠢᠨ ᠲᠦᠷᠢᠮ ᠤᠨ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠦᠨᠡᠯᠡᠵᠦ᠂ ᠬᠠᠷᠠᠯᠲᠠᠲᠤ ᠬᠠᠷᠢᠭᠤᠴᠠᠯᠭ᠎ᠠ ᠶᠢ ᠵᠠᠳᠠᠯᠬᠤ ᠪᠠ ᠮᠥᠷᠳᠡᠨ ᠳᠣᠭᠢᠷᠠᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠶ᠃ ᠡᠯ᠎ᠡ ᠱᠠᠲᠤᠨ ᠤ ᠭᠤᠣᠯ ᠮᠥᠷᠡᠨ ᠨᠠᠭᠤᠷ ᠤᠨ ᠳᠠᠷᠤᠭ᠎ᠠ ᠨᠠᠷ ᠲᠤᠰ ᠲᠤᠰ ᠤᠨ ᠡᠭᠦᠷᠭᠡ ᠴᠢᠳᠠᠪᠬᠢ ᠪᠠᠨ ᠭᠦᠢᠴᠡᠳ ᠪᠠᠳᠠᠷᠠᠭᠤᠯᠵᠤ᠂ ᠡᠯ᠎ᠡ ᠲᠦᠷᠦᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠤᠰᠤ ᠭᠠᠩ ᠤᠨ ᠭᠠᠮᠰᠢᠭ ᠢ ᠰᠡᠷᠭᠡᠶᠢᠯᠡᠬᠦ ᠠᠵᠢᠯ ᠢ ᠡᠷᠡᠰ ᠰᠠᠶᠢᠲᠤᠷ ᠠᠳᠬᠤᠵᠤ᠂ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠬᠠᠮᠲᠤᠷᠠᠯ ᠤᠨ ᠬᠦᠴᠦᠨ ᠢ ᠦᠨᠡᠨᠬᠦ ᠨᠢᠭᠲᠠᠷᠠᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠸᠠᠩ ᠮᠢᠩ ᠵᠡᠷᠭᠡ ᠰᠢᠶᠠᠨ ᠭᠠᠵᠠᠷ ᠤᠨ ᠲᠡᠰ ᠤᠨ ᠤᠳᠤᠷᠢᠳᠤᠯᠭ᠎ᠠ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠢ ᠬᠠᠮᠢᠶᠠᠷᠤᠯᠳᠠ ᠬᠠᠮᠠᠭᠠᠯᠠᠯᠳᠠ ᠵᠢᠨ‌‍ᠲ᠋ᠥ᠋ᠪ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1