ᠮᠠᠨ ᠤ ᠰᠢᠶᠠᠨ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠰᠣᠶᠣᠯ ᠤᠨ ᠣᠷᠴᠢᠨ ᠲᠣᠭᠤᠷᠢᠨ ᠳᠤ ᠬᠠᠮᠲᠤᠷᠠᠭᠰᠠᠨ ᠪᠠᠶᠢᠴᠠᠭᠠᠯᠳᠠ ᠦᠷᠨᠢᠭᠦᠯᠪᠡ
ᠨᠡᠶᠢᠲᠡᠯᠡᠭᠰᠡᠨ ᠴᠠᠭ᠄
2021/8/29
      8 ᠳ᠋ᠤᠭᠠᠷ ᠰᠠᠷ᠎ᠠ ᠶᠢᠨ 26 ᠤ ᠡᠳᠦᠷ᠂ ᠰᠢᠶᠠᠨ ᠤ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠲᠦᠷᠦᠭᠦᠯᠡᠵᠦ᠂ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠰᠢᠶᠠᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ ᠵᠡᠷᠭᠡ 24 ᠪᠦᠷᠢᠯᠳᠦᠬᠦᠨ ᠨᠢᠭᠡᠴᠢ ᠵᠢᠴᠢ ᠪᠠᠶᠢᠴᠠᠭᠠᠬᠤ ᠣᠷᠣᠨ ᠤ ᠳᠣᠲᠣᠷᠠᠬᠢ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ 4 ᠬᠤᠯᠪᠣᠭ᠎ᠠ ᠠᠪᠬᠤ  ᠴᠢᠭ ᠯᠤᠭ᠎ᠠ ᠬᠤᠯᠪᠣᠭᠠᠯᠠᠨ᠂ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠰᠣᠶᠣᠯ ᠤᠨ ᠣᠷᠴᠢᠨ ᠲᠣᠭᠤᠷᠢᠨ ᠳᠤ ᠲᠥᠪᠯᠡᠷᠡᠩᠭᠦᠶ ᠪᠠᠶᠢᠴᠠᠭᠠᠯᠲᠠ ᠥᠷᠨᠢᠭᠦᠯᠪᠡ᠃
     ᠲᠣᠰ ᠤᠳᠠᠭᠠᠨ ᠤ ᠲᠥᠪᠯᠡᠷᠡᠩᠭᠦᠶ ᠠᠵᠢᠯᠯᠠᠭ᠎ᠠ ᠶᠢ ᠭᠤᠤᠯᠳᠠᠭᠤ ᠲᠣᠭᠲᠠᠬᠤ ᠰᠢᠶᠠᠨ ᠤ ᠳᠥᠷᠪᠡᠳᠦᠭᠡᠷ ᠪᠠᠭ᠎ᠠ ᠰᠤᠷᠭᠠᠭᠤᠯᠢ᠂ ᠲᠣᠭᠲᠠᠬᠤ ᠰᠢᠶᠠᠨ ᠤ ᠲᠠᠪᠤᠳᠤᠭᠠᠷ ᠪᠠᠭ᠎ᠠ ᠰᠤᠷᠭᠠᠭᠤᠯᠢ᠂ ᠲᠣᠭᠲᠠᠬᠤ ᠰᠢᠶᠠᠨ ᠤ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠡᠷᠬᠢᠨ ᠲᠣᠭᠤᠷᠢᠨ ᠤ ᠨᠣᠮ ᠤᠨ ᠳᠡᠯᠭᠡᠭᠦᠷ᠂ ᠪᠢᠴᠢᠭ ᠤᠨ ᠬᠡᠷᠡᠭᠰᠡᠯ ᠪᠡᠯᠡᠭ ᠤᠨ ᠳᠡᠯᠭᠡᠭᠦᠷ᠂ ᠰᠦᠯᠵᠢᠶᠡᠨ ᠤ ᠪᠠᠭᠠᠷ᠂ ᠥᠰᠥᠭ ᠮᠠᠰᠢᠨᠳᠠᠵᠤ ᠳᠠᠷᠤᠮᠠᠯᠯᠠᠬᠤ ᠳᠡᠯᠭᠡᠭᠦᠷ ᠲᠤ ᠪᠥᠬᠦ ᠲᠠᠯ᠎ᠠ ᠶᠢᠨ ᠪᠠᠶᠢᠴᠠᠭᠠᠯᠲᠠ ᠬᠢᠪᠠ᠃ ᠪᠠᠶᠢᠴᠠᠭᠠᠬᠤ ᠶᠠᠪᠤᠴᠠ ᠳᠤ ︽ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠰᠤᠷᠭᠠᠨ ᠬᠥᠮᠦᠵᠢᠯ ᠢ ᠬᠥᠲᠥᠯᠦᠨ ᠵᠢᠯᠣᠭᠤᠳᠬᠤ︾ ᠠᠷᠭ᠎ᠠ ᠬᠡᠮᠵᠢᠶ᠎ᠡ ᠠᠪᠴᠤ᠂ ᠬᠤᠳᠠᠯᠳᠤᠭᠠᠨ ᠤ ᠡᠷᠦᠬᠡ ᠶᠢ ᠤᠬᠠᠮᠰᠠᠷ ᠠᠴᠠ ᠪᠠᠨ ᠰᠣᠶᠣᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠢ ᠬᠠᠮᠠᠭᠠᠯᠠᠬᠤ ᠤᠬᠠᠮᠰᠠᠷ ᠢ ᠪᠣᠶ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃
     ᠳᠠᠷᠠᠭᠠᠴᠢ ᠶᠢᠨ ᠠᠯᠬᠤᠮ ᠳᠤ᠂ ᠮᠠᠨ ᠤ ᠰᠢᠶᠠᠨ ᠤ ᠬᠢᠨ ᠵᠢᠭᠰᠠᠭᠠᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠡᠦᠬᠡ ᠶᠢ ᠭᠠᠵᠢᠭᠤᠳᠤᠯᠤᠨ ᠦᠭᠡᠶᠢᠰᠬᠡᠬᠦ ᠦᠵᠡᠯ ᠵᠡᠷᠭᠡ ᠪᠤᠷᠤᠭᠤ ᠦᠵᠡᠯ ᠰᠠᠨᠠᠭ᠎ᠠ ᠦᠭᠡ ᠶᠠᠷᠢᠶ᠎ᠠ ᠶᠢ ᠤᠯᠠᠮᠵᠢᠯᠠᠬᠤ ᠠᠷᠭ᠎ᠠ ᠵᠠᠮ ᠢ ᠡᠷᠡᠰ ᠲᠠᠰᠤᠯᠵᠤ᠂ ᠰᠢᠨ᠎ᠡ ᠰᠣᠷᠭᠤᠭ ᠡᠷᠡᠭᠦᠯ ᠰᠠᠷᠠᠭᠤᠯ ᠨᠡᠶᠢᠭᠡᠮ ᠤᠨ ᠰᠣᠶᠣᠯ ᠤᠨ ᠣᠷᠴᠢᠨ ᠲᠣᠭᠤᠷᠢᠨ ᠢ ᠦᠷᠭᠦᠯᠵᠢᠯᠡᠨ ᠪᠤᠢ ᠪᠣᠯᠭᠠᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1