ᠲᠤᠭᠳᠠᠬᠤ ᠰᠢᠶᠠᠨ ᠪᠦᠬᠦ ᠬᠤᠳᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠪᠠᠶᠢᠷᠢᠯᠠᠭᠤᠯᠤᠯᠲᠠ ᠶᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠵᠤ ᠬᠦᠯᠢᠶᠡᠨ ᠠᠪᠴᠤ ᠰᠣᠨᠣᠰᠪᠠ
ᠨᠡᠶᠢᠲᠡᠯᠡᠭᠰᠡᠨ ᠴᠠᠭ᠄
2021/8/29
      8 ᠳ᠋ᠤᠭᠠᠷ ᠰᠠᠷ᠎ᠠ ᠶᠢᠨ 26 ᠤ ᠡᠳᠦᠷ᠂ ᠪᠥᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠠᠵᠢᠯ ᠤᠨ ᠪᠠᠶᠢᠷᠢᠯᠠᠭᠤᠯᠤᠯᠲᠠ ᠶᠢ ᠳᠥᠯᠭᠢᠨ ᠠᠬᠢᠭᠤᠯᠬᠤ ᠬᠤᠷᠠᠯ ᠬᠤᠷᠠᠯᠳᠤᠪᠠ᠃ ᠬᠤᠷᠠᠯ ᠤᠨ ᠭᠤᠣᠯ ᠵᠣᠷᠢᠯᠭ᠎ᠠ ᠪᠣᠯ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠤᠱᠯᠠᠭᠤᠯᠵᠤ᠂  ᠪᠦᠬᠦ ᠲᠠᠯ᠎ᠠ ᠪᠠᠷ ᠪᠠᠶᠢᠳᠠᠯ ᠢ ᠵᠠᠳᠠᠯᠵᠤ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠪᠦᠬᠦ ᠬᠤᠳᠠ ᠶᠢᠨ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠷ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠤᠯᠬᠤ ᠶᠢ ᠪᠠᠲᠤᠯᠠᠬᠤ ᠶᠢᠨ ᠲᠥᠯᠥᠭᠡ ᠶᠤᠮ᠃      ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠼᠤᠤ ᠰᠧ ᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠳᠡᠳ᠋ ᠳᠠᠷᠤᠭ᠎ᠠ ᠰᠢᠤᠢ ᠱᠸᠤ ᠵᠢᠶ ᠬᠤᠷᠠᠯ ᠡᠷᠭᠢᠯᠡᠪᠡ᠃      ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠲᠣᠰ ᠲᠣᠰ ᠤᠨ ᠣᠶᠢᠷ᠎ᠠ ᠶᠢᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠤᠭᠰᠠᠨ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ᠃      ᠼᠤᠤ ᠰᠧ ᠶᠠᠩ ᠪᠦᠬᠦ ᠬᠤᠳᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠭᠦᠢᠴᠡᠳ ᠨᠤᠲᠠᠯᠠᠪᠠ᠃ ᠲᠡᠷᠡ ᠴᠢᠬᠤᠯᠠᠴᠢᠯᠠᠭᠰᠠᠨ ᠨᠢ᠂ ᠶᠡᠷᠦᠩᠬᠡᠶ ᠳᠤᠨᠢ ᠠᠪᠴᠤ ᠦᠵᠡᠪᠡᠯ ᠮᠠᠨ ᠤ ᠬᠤᠲᠠ ᠶᠢᠨ ᠡᠯ᠎ᠡ ᠵᠦᠢᠯ ᠤᠨ ᠠᠵᠢᠯ ᠤᠨ ᠦᠷ᠎ᠡ ᠪᠦᠲᠦᠮᠵᠢ ᠨᠡᠯᠢᠶᠡᠳ ᠢᠯᠡᠷᠬᠡᠶ ᠪᠠᠶᠢᠨ᠎ᠠ᠂ ᠭᠡᠪᠡᠴᠦ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢᠨ ᠲᠠᠯ᠎ᠠ ᠪᠠᠷ ᠪᠠᠰᠠ ᠪᠠᠭ᠎ᠠ ᠪᠤᠰᠤ ᠵᠥᠷᠢᠶ᠎ᠡ ᠲᠠᠢ ᠪᠠᠶᠢᠨ᠎ᠠ ᠃ ᠳᠠᠷᠠᠭᠠᠴᠢ ᠶᠢᠨ ᠠᠯᠬᠤᠮ ᠤᠨ ᠠᠵᠢᠯ ᠢ ᠰᠠᠶᠢᠲᠤᠷ ᠬᠢᠬᠦ ᠲᠤᠬᠠᠢ ᠼᠤᠤ ᠰᠧ ᠶᠠᠩ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠬᠤ ᠬᠠᠷᠢᠭᠤᠴᠠᠯᠭ᠎ᠠ ᠬᠦᠨᠳᠦ᠂ ᠡᠭᠦᠷᠭᠡ ᠬᠠᠲᠠᠭᠤ ᠪᠡᠷᠬᠡ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ︽ᠪᠠᠲᠤᠳᠬᠠᠨ ᠵᠣᠯᠭᠠᠭᠤᠯᠬᠤ︾ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠰᠤᠷᠤᠯᠴᠠᠨ ᠣᠶᠢᠯᠠᠭᠠᠬᠤ ᠬᠡᠷᠡᠭᠲᠡᠢ︔ ᠬᠥᠳᠡᠯᠦᠩᠭᠦᠢ ᠪᠠᠷ ᠬᠢᠨᠠᠨ ᠬᠡᠮᠵᠢᠵᠦ ᠬᠠᠪᠰᠤᠷᠤᠨ ᠲᠡᠳᠬᠦᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤ ᠬᠦᠴᠢᠷᠳᠡᠯᠲᠡᠢ ᠬᠥᠮᠦᠨ ᠠᠮᠠ ᠡᠭᠦᠰᠬᠦ ᠶᠢ ᠰᠡᠷᠭᠡᠶᠢᠯᠡᠬᠦ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ︔ ᠳᠤᠲᠠᠭᠤᠳᠠᠯ ᠪᠠᠭᠤᠷᠠᠢ ᠲᠠᠯ᠎ᠠ ᠪᠠᠨ ᠦᠷᠭᠦᠯᠵᠢᠯᠡᠨ ᠨᠥᠬᠦᠪᠥᠷᠢᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠦᠬᠦ ᠬᠦᠴᠦᠨ ᠢᠶᠠᠷ ᠢᠶᠠᠨ ᠪᠠᠬᠢᠵᠢᠭᠦᠯᠦᠨ ᠥᠷᠭᠡᠳᠬᠡᠬᠦ ᠬᠡᠷᠡᠭᠲᠡᠢ︔ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠵᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠦᠨᠡᠨᠬᠦ ᠪᠣᠳᠠᠲᠠᠢ ᠨᠠᠷᠢᠯᠢᠭ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠨᠢ ᠸᠢᠳᠢᠣ᠋ ᠶᠢᠨ ᠬᠡᠯᠪᠡᠷᠢ ᠪᠠᠷ ᠶᠠᠪᠤᠭᠳᠠᠵᠤ᠂ ᠯᠢ ᠴᠦᠨ ᠶᠠᠨ᠂ ᠭᠤᠤ ᠵᠧᠩ ᠵᠡᠷᠭᠡ ᠰᠢᠶᠠᠨ ᠭᠠᠵᠠᠷ ᠤᠨ ᠲᠡᠰ ᠤᠨ ᠬᠤᠯᠪᠣᠭᠳᠠᠯ ᠪᠦᠬᠦᠢ ᠤᠳᠤᠷᠢᠳᠤᠯᠭ᠎ᠠ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠢ  ᠬᠠᠮᠢᠶᠠᠷᠤᠯᠳᠠ ᠬᠠᠮᠠᠭᠠᠯᠠᠭᠳᠠ ᠶᠢᠨ ᠲᠥᠪ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠮᠠᠨ ᠤ ᠰᠢᠶᠠᠨ ᠤ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1