ᠰᠢᠶᠠᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠤᠨ ᠪᠠᠶᠢᠷᠢᠯᠠᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/8/29
      8 ᠳ᠋ᠤᠭᠠᠷ ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠤᠨ ᠪᠠᠶᠢᠷᠢᠯᠠᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠪᠠ᠃ ᠬᠤᠷᠠᠯ ᠤᠨ ᠭᠤᠣᠯ ᠵᠣᠷᠢᠯᠭ᠎ᠠ ᠪᠣᠯ ᠰᠢ ᠶᠢᠨ ᠫᠢᠩ ᠶᠡᠷᠦᠩᠬᠡᠢ ᠱᠦᠵᠢ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠲᠤᠬᠠᠢ ᠴᠢᠬᠤᠯᠠ ᠥᠭᠦᠯᠡᠯᠲᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠡᠷᠡᠰ ᠲᠤᠤᠱᠯᠠᠭᠤᠯᠬᠤ ᠶᠢᠨ ᠲᠥᠯᠥᠭᠡ ᠶᠤᠮ᠃ ᠨᠠᠮ ᠤᠨ ᠲᠥᠪ  ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠪᠠᠨ ᠡᠭᠦᠷᠭᠡᠯᠡᠵᠦ᠂ ᠴᠢᠬᠤᠯᠠ ᠶᠡᠭᠡ ᠡᠭᠦᠷᠭᠡ ᠶᠢ ᠡᠭᠦᠷᠭᠡᠯᠡᠵᠦ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠪᠦᠬᠦ ᠲᠠᠯ᠎ᠠ ᠶᠢᠨ ᠲᠠᠪᠰᠢᠯᠳᠠ᠂ ᠪᠦᠬᠦ ᠲᠠᠯ᠎ᠠ ᠶᠢᠨ ᠰᠢᠯᠭᠠᠷᠠᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠮᠠᠨ ᠤ ᠰᠢᠶᠠᠨ ᠤ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ᠃      ᠰᠢᠶᠠᠨ ᠤ ᠨᠠᠮ ᠤᠨ  ᠬᠤᠷᠢᠶ᠎ᠠ ᠶᠢᠨ ᠱᠦᠵᠢ ᠯᠢ ᠴᠦᠨ ᠶᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠯᠢ ᠴᠦᠨ ᠶᠠᠨ ᠪᠦᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠨᠤᠲᠠᠯᠠᠪᠠ᠃ ᠲᠡᠷᠡ ᠵᠢᠭᠠᠵᠤ ᠭᠠᠷᠭᠠᠭᠰᠠᠨ ᠨᠢ᠂ ᠶᠡᠷᠦᠩᠬᠡᠶ ᠳᠤᠨᠢ ᠠᠪᠴᠤ ᠦᠵᠡᠪᠡᠯ᠂ ᠮᠠᠨ ᠤ ᠰᠢᠶᠠᠨ ᠤ ᠡᠯ᠎ᠡ ᠵᠦᠢᠯ ᠤᠨ ᠠᠵᠢᠯ ᠤᠨ ᠦᠷ᠎ᠡ ᠪᠦᠲᠦᠮᠵᠢ ᠨᠡᠯᠢᠶᠡᠳ ᠢᠯᠡᠷᠬᠡᠶ ᠪᠠᠶᠢᠨ᠎ᠠ᠂ ᠭᠡᠪᠡᠴᠦ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢᠨ ᠲᠠᠯ᠎ᠠ ᠪᠠᠷ ᠪᠠᠰᠠ ᠪᠠᠭ᠎ᠠ ᠪᠤᠰᠤ ᠵᠥᠷᠢᠶ᠎ᠡ ᠲᠠᠢ ᠪᠠᠶᠢᠨ᠎ᠠ ᠭᠡᠪᠡ᠃      ᠯᠢ ᠴᠦᠨ ᠶᠠᠨ᠂ ᠳᠠᠷᠠᠭᠠᠴᠢ ᠶᠢᠨ ᠠᠯᠬᠤᠮ ᠤᠨ ᠠᠵᠢᠯ ᠢᠶᠠᠨ ᠰᠠᠶᠢᠲᠤᠷ ᠬᠢᠵᠦ᠂᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠤ᠂ ᠬᠠᠷᠢᠭᠤᠴᠠᠯᠭ᠎ᠠ ᠬᠦᠨᠳᠦ᠂ ᠡᠭᠦᠷᠭᠡ ᠬᠠᠲᠠᠭᠤ ᠪᠡᠷᠬᠡ᠂ ᠰᠢ ᠶᠢᠨ ᠫᠢᠩ ᠶᠡᠷᠦᠩᠬᠡᠶ ᠱᠦᠵᠢ ᠶᠢᠨ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠤᠬᠠᠶ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠶ ᠰᠤᠷᠤᠯᠴᠠᠵᠤ᠂ ᠲᠤᠮᠳᠠᠳᠦ ᠤᠯᠣᠰ ᠤᠨ ᠡᠪ ᠬᠠᠮᠳᠦ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠠᠪᠤᠳᠠᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠲᠤᠬᠠᠶ ᠰᠠᠨᠠᠯ︾ ᠪᠣᠯᠤᠨ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠳᠥᠯᠭᠢᠨ ᠠᠬᠢᠭᠤᠯᠵᠤ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠬᠦ ᠲᠤᠬᠠᠶ ᠰᠠᠨᠠᠯ︾ ᠤᠨ ᠠᠵᠢᠯ ᠤᠨ 5 ᠵᠢᠯ ᠤᠨ ᠰᠢᠯᠵᠢᠯᠲᠡ ᠶᠢᠨ ᠬᠤᠭᠤᠴᠠᠭᠠᠨ ᠳᠤ ︽ᠳᠥᠷᠪᠡ ᠶᠢ ᠬᠠᠶᠠᠬᠤ ᠥᠬᠡᠶ︾ ᠴᠢᠬᠤᠯᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠭᠤᠤᠯ ᠪᠣᠯᠬᠤ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠶᠡᠷᠦᠩᠬᠡᠶ ᠳᠡᠭᠡᠨ ᠲᠣᠭᠲᠠᠭᠤᠨ ᠪᠠᠶᠢᠯᠭᠠᠬᠤ ᠶᠢ ᠪᠠᠲᠤᠯᠠᠨ ᠂ ᠲᠥᠷᠥᠯ ᠳᠠᠷᠠᠭᠠᠯᠠᠨ ᠲᠥᠷᠥᠯ ᠬᠤᠪᠢᠶᠠᠨ ᠰᠢᠯᠢᠳᠡᠭᠵᠢᠭᠦᠯᠦᠨ ᠳᠣᠭᠢᠷᠠᠭᠤᠯᠵᠤ᠂ ᠠᠵᠢᠯ ᠤᠨ ᠪᠠᠶᠢᠷᠢᠨ ᠳᠤᠨᠢ ᠣᠷᠣᠭᠤᠯᠬᠤ ᠶᠢ ᠦᠨᠡᠨᠬᠦ ᠪᠠᠲᠤᠯᠠᠨ᠎ᠠ︔ ᠭᠤᠷᠪᠠᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠦᠨ᠎ᠡ᠂ ᠲᠤᠬᠠᠶᠢᠯᠠᠪᠠᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ  ᠰᠢᠰᠲ᠋ᠧᠮ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠡᠰᠢ ᠪᠦᠬᠦ ᠲᠠᠯ᠎ᠠ ᠪᠠᠷ ᠰᠢᠯᠵᠢᠭᠦᠯᠬᠦ ᠪᠠ ᠬᠥᠳᠡᠭᠡ ᠲᠣᠰᠬᠤᠨ ᠤ ᠣᠷᠣᠯᠭ᠎ᠠ ᠪᠠᠭᠠᠲᠠᠶ ᠬᠥᠮᠦᠨ ᠠᠮᠠ ᠶᠢ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠩᠭᠤᠵᠢᠭᠤᠯᠤᠨ ᠪᠠᠶᠢᠭᠤᠯᠬᠤ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃      ᠯᠢ ᠴᠦᠨ ᠶᠠᠨ ᠱᠠᠭᠠᠷᠳᠠᠭᠰᠠᠨ ᠨᠢ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠢ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠰᠠᠯᠠᠭ᠎ᠠ ᠮᠥᠴᠢᠷ ᠤᠨ ᠬᠢᠨ ᠪᠦᠲᠦᠮᠵᠢᠲᠡᠢ ᠠᠷᠭ᠎ᠠ  ᠬᠡᠮᠵᠢᠶ᠎ᠡ ᠠᠪᠴᠤ ᠪᠠᠶᠢᠭᠠᠳ ᠶᠠᠳᠠᠭᠤ ᠠᠴᠠ ᠠᠩᠭᠢᠵᠢᠷᠠᠭᠤᠯᠬᠤ ᠰᠠᠭᠤᠷᠢ ᠶᠢ ᠨᠡᠩ ᠪᠠᠲᠤᠳᠬᠠᠵᠤ᠂ ᠦᠷ᠎ᠡ ᠪᠦᠲᠦᠮᠵᠢ ᠶᠢ ᠨᠡᠩ ᠦᠷᠭᠦᠯᠵᠢᠯᠡᠭᠦᠯᠵᠦ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠡᠨᠡᠬᠦ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠥᠷᠢᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ  ᠲᠠᠢ ᠪᠦᠲᠦᠮᠵᠢᠲᠡᠢ ᠵᠣᠯᠭᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠪᠠᠬᠢᠵᠢᠭᠦᠯᠬᠦ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠥᠷᠭᠡᠳᠬᠡᠬᠦ ᠡᠭᠦᠷᠭᠡ ᠶᠢ ᠭᠠᠷ ᠲᠠᠭᠠᠨ ᠠᠳᠬᠤᠵᠤ᠂ ᠵᠣᠯᠭᠠᠭᠤᠯᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠡᠢ᠃      ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠤᠪᠴᠢᠶ᠎ᠠ᠂ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶ᠎ᠠ᠂ ᠰᠢᠶᠠᠨ ᠤ ᠡᠮ ᠡᠮᠨᠡᠯᠭᠡ ᠶᠢᠨ ᠳᠠᠭᠠᠳᠬᠠᠯ ᠤᠨ ᠲᠤᠪᠴᠢᠶ᠎ᠠ ᠲᠤᠰ ᠲᠤᠰ ᠤᠨ ᠤᠢᠢᠷ᠎ᠠ ᠶᠢᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠤᠯᠭᠠᠭᠤᠯᠬᠤ ᠠᠵᠢᠯ ᠤᠨ ᠠᠬᠢᠴᠠ ᠶᠢᠨ ᠪᠠᠶᠢᠳᠠᠯ ᠳᠤ ᠬᠠᠷᠢᠭᠤ ᠮᠡᠳᠡᠭᠦᠯᠦᠯᠳᠡ ᠬᠢᠪᠡ᠃      ᠰᠦᠨ ᠰᠢᠶᠦ᠋ᠨ᠂ ᠶᠦᠨ ᠷᠦᠢ ᠵᠢᠶᠦ᠋ᠨ ᠵᠡᠷᠭᠡ ᠰᠢᠶᠠᠨ ᠭᠠᠵᠠᠷ ᠤᠨ ᠲᠡᠰ ᠤᠨ ᠬᠤᠯᠪᠣᠭᠳᠠᠯ ᠪᠦᠬᠦᠢ ᠤᠳᠤᠷᠢᠳᠤᠯᠭ᠎ᠠ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠢ ᠬᠠᠮᠢᠶᠠᠷᠦᠯᠳᠡ ᠬᠠᠮᠠᠭᠠᠯᠠᠯᠳᠠ ᠶᠢᠨ ᠲᠥᠪ ᠂ ᠡᠯ᠎ᠡ ᠬᠤᠯᠪᠣᠭᠳᠠᠯ ᠪᠦᠬᠦᠢ  ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃       ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠸᠠᠩ ᠮᠢᠩ ᠬᠤᠷᠠᠯ ᠡᠷᠭᠢᠯᠡᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1