ᠰᠢᠶᠠᠨ ᠤ ᠤᠯᠤᠰ ᠲᠥᠷᠥ ᠶᠢᠨ ᠵᠥᠪᠯᠡᠯᠭᠡᠨ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠳᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠮᠠᠶ᠋ᠢᠭ ᠤᠨ ᠲᠤᠰᠬᠠᠶ ᠰᠡᠳᠦᠪᠲᠦ ᠵᠦᠪᠳᠡᠯᠴᠡᠭᠡᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/8/29
      8 ᠳ᠋ᠤᠭᠠᠷ ᠰᠠᠷ᠎ᠠ ᠶᠢᠨ 26 ᠤ ᠡᠳᠦᠷ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠮᠠᠶ᠋ᠢᠭ ᠤᠨ ᠲᠤᠰᠬᠠᠶ ᠰᠡᠳᠦᠪᠲᠦ ᠵᠦᠪᠳᠡᠯᠴᠡᠭᠡᠨ ᠤ ᠬᠤᠷᠠᠯ ᠬᠤᠷᠠᠯᠳᠤᠭᠤᠯᠪᠠ᠃ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠱᠢ ᠵᠢᠶᠠᠨ ᠵᠥᠩ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠬᠡᠰᠡᠭ ᠪᠠᠶᠢᠩᠭᠤ ᠶᠢᠨ ᠭᠡᠰᠢᠭᠦᠨ᠂ ᠭᠡᠰᠢᠭᠦᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠰᠢᠶᠧ ᠴᠦᠨ ᠯᠦᠩ ᠤᠷᠢᠯᠭ᠎ᠠ ᠪᠠᠷ ᠬᠤᠷᠠᠯ ᠳᠤ ᠣᠷᠣᠯᠴᠠᠪᠠ᠃ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᡁᠢ ᠫᠢᠩ ᠬᠤᠷᠠᠯ ᠢ ᠡᠷᠭᠢᠯᠡᠪᠡ᠃
     ᠬᠤᠷᠠᠯ ᠠᠴᠠ ᠮᠠᠨ ᠤ ᠰᠢᠶᠠᠨ ᠤ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠤᠰᠬᠠᠢ ᠰᠡᠳᠦᠪᠲᠦ ᠪᠠᠶᠢᠴᠠᠭᠠᠨ ᠰᠤᠳᠤᠯᠬᠤ ᠳᠤᠭᠤᠶᠢᠯᠠᠩ ᠤᠨ ᠪᠠᠶᠢᠴᠠᠭᠠᠨ ᠰᠤᠳᠤᠯᠤᠯᠲᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠤᠰ ᠲᠦᠷᠦ ᠶᠢᠨ ᠵᠥᠪᠯᠡᠯᠭᠡᠨ ᠤ ᠡᠯ᠎ᠡ ᠪᠠᠶᠢᠩᠭᠤ ᠶᠢᠨ ᠭᠡᠰᠢᠭᠦᠨ᠂ ᠭᠡᠰᠢᠭᠦᠳ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠪᠠ ᠮᠠᠨ ᠤ ᠰᠢᠶᠠᠨ ᠤ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠰᠠᠨᠠᠯ ᠪᠠ ᠰᠠᠨᠠᠭᠤᠯᠭ᠎ᠠ ᠳᠤᠷᠠᠳᠴᠠᠢ᠃ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠤᠪᠴᠢᠶ᠎ᠠ᠂ ᠤᠢ ᠰᠢᠭᠤᠢ ᠡᠪᠡᠰᠦ ᠪᠡᠯᠴᠢᠭᠡᠷ ᠤᠨ ᠲᠤᠪᠴᠢᠶ᠎ᠠ᠂ ᠤᠰᠤᠨ ᠤ ᠶᠠᠪᠤᠳᠠᠯ ᠤᠨ ᠲᠤᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂  ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠤᠪᠴᠢᠶ᠎ᠠ᠂ ᠠᠵᠤ ᠦᠢᠯᠡᠳᠪᠦᠷᠢ ᠶᠢᠨ ᠬᠦᠷᠢᠶᠡᠯᠡᠩ ᠤᠨ ᠠᠵᠤ ᠠᠬᠤᠢ ᠶᠢᠨ ᠬᠥᠭᠵᠢᠭᠦᠯᠦᠯᠲᠡ ᠶᠢᠨ ᠲᠤᠪᠴᠢᠶ᠎ᠠ ᠶᠢᠨ ᠬᠠᠷᠢᠭᠤᠴᠠᠯᠭᠠᠲᠠᠨ ᠠᠴᠠ ᠳᠤᠷᠠᠳᠤᠭᠰᠠᠨ ᠰᠠᠨᠠᠯ ᠰᠠᠨᠠᠭᠤᠯᠭ᠎ᠠ ᠳᠤ ᠲᠣᠳᠣᠷᠬᠠᠶᠢᠯᠠᠯᠲᠠ ᠬᠢᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠᠨ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠵᠦ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠦᠵᠡᠯ ᠰᠠᠨᠠᠭᠠᠨ ᠤ ᠤᠬᠠᠮᠰᠠᠷ ᠪᠣᠯᠤᠨ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢᠶᠠᠷ ᠭᠠᠷᠳᠠᠴᠠ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠮᠠᠨ ᠤ ᠰᠢᠶᠠᠨ ᠤ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠠᠬᠢᠭᠤᠯᠬᠤ ᠬᠡᠷᠡᠭᠲᠡᠢ᠃ ᠪᠦᠯᠬᠦᠮᠳᠡᠯ ᠪᠠ ᠠᠷᠠᠳᠴᠢᠯᠠᠯ ᠤᠨ ᠬᠤᠶᠠᠷ ᠶᠡᠭᠡ ᠭᠤᠣᠯ ᠰᠡᠳᠦᠪ ᠢ ᠢᠮᠠᠭᠲᠠ ᠪᠠᠷᠢᠮᠲᠠᠯᠠᠵᠤ ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠵᠥᠪᠯᠡᠬᠦ ᠠᠷᠠᠳᠴᠢᠯᠠᠯ ᠤᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠤᠰ ᠲᠦᠷᠦ ᠶᠢᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠣᠯᠯᠠᠬᠤ ᠤᠬᠠᠮᠰᠠᠷ ᠪᠠ ᠨᠢᠭᠡᠳᠦᠯᠲᠡᠶ ᠪᠠᠶᠢᠬᠤ ᠤᠬᠠᠮᠰᠠᠷ ᠢ ᠪᠠᠷᠢᠮᠲᠠᠯᠠᠵᠤ᠂ ᠠᠷᠠᠳ ᠲᠦᠮᠡᠨ ᠳᠤ ᠦᠢᠯᠡᠴᠢᠯᠡᠬᠦ ᠪᠠ ᠶᠡᠭᠡ ᠲᠠᠯ᠎ᠠ ᠳᠤ ᠦᠢᠯᠡᠴᠢᠯᠡᠬᠦ ᠶᠢ ᠣᠷᠭᠠᠨᠢᠭ ᠢᠶᠠᠷ ᠤᠶᠠᠯᠳᠤᠭᠤᠯᠵᠤ᠂ ᠨᠡᠶᠢᠭᠡᠮ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠦᠰ ᠤᠨ ᠤᠶᠤᠨ ᠤᠬᠠᠭᠠᠨ ᠪᠠ ᠬᠦᠴᠦᠨ ᠴᠢᠳᠠᠯ ᠢ ᠥᠷᠭᠡᠨ ᠢᠶᠠᠷ ᠨᠢᠭᠲᠠᠷᠠᠭᠤᠯᠤᠨ᠎ᠠ᠃ ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠡᠭᠦᠷᠭᠡ ᠲᠤᠰᠢᠶᠠᠯ ᠢᠶᠠᠨ ᠰᠠᠶᠢᠲᠤᠷ ᠭᠦᠢᠴᠡᠳᠬᠡᠵᠦ᠂ ᠪᠦᠬᠦ ᠰᠢᠶᠠᠨ ᠤ ᠠᠵᠤ ᠠᠬᠤᠶ ᠪᠠ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ ᠭᠡᠵᠡᠢ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1