ᠲᠣᠭᠲᠠᠬᠤ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ 2019 ︵ᠬᠡᠰᠡᠭ︶᠂ 2020 ᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠢ ᠰᠢᠯᠭᠠᠨ ᠠᠪᠤᠭᠰᠠᠨ ᠮᠡᠳᠡᠭᠦᠯᠦᠯᠲᠡ
ᠨᠡᠶᠢᠲᠡᠯᠡᠭᠰᠡᠨ ᠴᠠᠭ᠄
2021/8/3
      ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠳᠤ᠄      ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ︽ᠬᠥᠬᠡᠬᠤᠲᠠ ᠶᠢᠨ 2020 ᠣᠨ ᠤ ᠰᠦ ᠶᠢᠨ  ᠦᠢᠯᠡᠰ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠬᠥᠬᠡᠬᠤᠲᠠ ᠲᠠᠷᠢᠶᠠᠯᠠᠩ ᠮᠠᠯ ᠥᠰᠥᠭ  ﹇2020﹈ 650 ᠳ᠋ᠤᠭᠠᠷ ᠲᠣᠭᠠᠲᠤ︶᠂ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ︽︿ᠬᠥᠬᠡᠬᠤᠲᠠ ᠶᠢᠨ ᠰᠦ ᠶᠢᠨ ᠦᠢᠯᠡᠰ ᠤᠨ ᠬᠥᠭᠵᠢᠯᠲᠡ ᠶᠢ ᠲᠡᠳᠬᠦᠬᠦ ᠲᠥᠷᠥᠯ ᠵᠦᠢᠯ ᠢ ᠰᠢᠯᠭᠠᠨ ᠠᠪᠬᠤ ᠠᠷᠭ᠎ᠠ ︵ᠲᠤᠷᠰᠢᠨ ᠬᠡᠷᠡᠭᠵᠢᠭᠦᠯᠬᠦ︶﹀ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠬᠥᠬᠡᠬᠤᠲᠠ ᠲᠠᠷᠢᠶᠠᠯᠠᠩ ᠮᠠᠯ ᠲᠠᠷᠬᠠᠭᠠᠭᠰᠠᠨ ﹇2019﹈ 205 ᠳ᠋ᠤᠭᠠᠷ ᠲᠣᠭᠠᠲᠤ︶ ᠪᠠ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽︿ᠲᠣᠭᠲᠠᠬᠤ ᠰᠢᠶᠠᠨ ᠤ ᠰᠦ ᠶᠢᠨ ᠦᠢᠯᠡᠰ ᠤᠨ ᠬᠥᠭᠵᠢᠯᠲᠡ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠨᠥᠬᠦᠪᠥᠷᠢ ᠶᠢ ᠬᠡᠷᠡᠭᠵᠢᠭᠦᠯᠬᠦ ᠲᠥᠰᠦᠯ ︵2019 — 2022︶﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠲᠣᠭᠲᠠᠬᠤ ᠵᠠᠰᠠᠭ ᠠᠯᠪᠠᠨ ᠥᠰᠥᠭ  ﹇2019 ﹈ 74  ᠳ᠋ᠤᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢᠨ ᠶᠣᠰᠣᠭᠠᠷ᠂ ᠰᠢᠶᠠᠨ ᠤ ᠠᠷᠠᠳ ᠤᠨ ᠵᠠᠰᠠᠭ ᠤᠨ ᠣᠷᠳᠣᠨ ᠢᠶᠠᠷ ᠲᠦᠷᠦᠭᠦᠯᠡᠭᠦᠯᠦᠨ᠂ ᠵᠠᠰᠠᠭ ᠤᠨ ᠣᠷᠳᠣᠨ᠂ ᠲᠠᠷᠢᠶᠠᠯᠠᠩ ᠮᠠᠯ ᠠᠵᠤ ᠠᠬᠤᠢ ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠥᠮᠦᠰ ᠢᠶᠠᠷ ᠪᠦᠷᠢᠯᠳᠦᠭᠰᠡᠨ ᠰᠢᠯᠭᠠᠨ ᠠᠪᠬᠤ ᠳᠤᠭᠤᠶᠢᠯᠠᠩ ᠢ ᠪᠠᠶᠢᠭᠤᠯᠵᠤ᠂ ᠪᠣᠳᠠᠲᠠᠢ ᠰᠢᠯᠭᠠᠨ ᠠᠪᠬᠤ ᠠᠷᠭ᠎ᠠ ᠶᠢ ᠦᠨᠳᠦᠰᠦᠯᠡᠨ ᠮᠠᠨ ᠤ ᠰᠢᠶᠠᠨ ᠤ 2020 ᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠢ ᠰᠢᠯᠭᠠᠨ ᠠᠪᠴᠠᠢ᠃ ᠤᠳᠤ ᠰᠢᠯᠭᠠᠨ ᠠᠪᠤᠭᠰᠠᠨ ᠪᠠᠶᠢᠳᠠᠯ ᠢᠶᠠᠨ ᠳᠣᠣᠷᠠᠬᠢ ᠮᠡᠲᠦ ᠮᠡᠳᠡᠭᠦᠯᠦᠶ᠎ᠡ᠄      ᠨᠢᠭᠡ᠂ ᠲᠡᠵᠢᠭᠡᠨ ᠦᠷᠡᠵᠢᠭᠦᠯᠬᠦ ᠲᠠᠯᠠᠪᠠᠢ ᠶᠢ ᠥᠭᠡᠷᠡᠴᠢᠯᠡᠨ ᠲᠡᠰ ᠳᠡᠪᠰᠢᠭᠦᠯᠬᠦ ᠨᠥᠬᠦᠪᠥᠷᠢ      2020 ᠣᠨ ᠳᠤ ᠲᠡᠵᠢᠭᠡᠨ ᠦᠷᠡᠵᠢᠭᠦᠯᠬᠦ ᠲᠠᠯᠠᠪᠠᠶ ᠶᠢ ᠥᠭᠡᠷᠡᠴᠢᠯᠡᠨ ᠲᠠᠰ ᠳᠡᠪᠰᠢᠭᠦᠯᠬᠦ ᠳᠤ ᠨᠥᠬᠦᠪᠥᠷᠢ ᠥᠭᠬᠦ ᠲᠥᠷᠥᠯ ᠵᠦᠢᠯ ᠳᠤ᠂ ᠮᠠᠯᠵᠢᠯ ᠤᠨ ᠲᠠᠯᠠᠪᠠᠶ ᠶᠢᠨ ᠭᠤᠶᠤᠴᠢᠯᠠᠨ ᠮᠡᠳᠡᠭᠦᠯᠦᠭᠰᠡᠨ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠠᠩᠰᠠᠯᠠᠭᠤᠯᠤᠨ ᠴᠣᠬᠤᠯᠠᠪᠤᠷᠢᠯᠠᠭᠰᠠᠨ ᠠᠵᠤ ᠠᠬᠤᠶᠢᠯᠠᠯ ᠨᠡᠶᠢᠲᠡ 4 ᠪᠣᠶ᠃ ᠲᠤᠷᠰᠢᠯᠭ᠎ᠠ ᠠᠴᠠ ᠦᠵᠡᠪᠡᠯ᠂ 4 ᠠᠵᠤ ᠠᠬᠤᠶᠢᠯᠠᠯ ᠴᠤᠬᠤᠯᠠᠪᠤᠷᠢᠯᠠᠨ ᠬᠠᠷᠢᠭᠤᠯᠤᠭᠰᠠᠨ ᠪᠦᠳᠦᠭᠡᠨ ᠪᠠᠶᠢᠭᠤᠯᠤᠯᠲᠠ ᠶᠢᠨ ᠠᠭᠤᠯᠭ᠎ᠠ ᠪᠠ ᠬᠡᠪᠴᠢᠶ᠎ᠡ ᠵᠢᠴᠢ ︽ᠲᠠᠪᠤᠨ ᠣᠳᠣᠬᠢᠴᠢᠯᠠᠯᠲᠠ︾ ᠶᠢᠨ ᠬᠠᠷᠠᠯᠲᠠ ᠶᠣᠰᠣᠭᠠᠷ ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠪᠦᠳᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠴᠤᠬᠤᠯᠠᠪᠤᠷᠢᠯᠠᠨ ᠬᠠᠷᠢᠭᠤᠯᠤᠭᠰᠠᠨ ᠪᠡᠯᠡ ᠣᠷᠣᠭᠤᠯᠤᠯᠲᠠ ᠶᠢᠨ ᠬᠡᠪᠴᠢᠶᠡᠨ ᠳᠤ ᠬᠦᠷᠦᠭᠰᠡᠨ ᠪᠠᠶᠢᠨ᠎ᠠ᠃ 50 -- 299 ᠲᠤᠯᠤᠭᠠᠢ ᠦᠬᠡᠷ ᠲᠠᠢ ᠵᠢᠵᠢᠭ ᠬᠡᠯᠪᠡᠷᠢ ᠶᠢᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠶᠢᠨ ᠲᠠᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠢᠯ ᠤᠨ ᠶᠣᠰᠣᠭᠠᠷ ᠲᠣᠰ ᠪᠦᠷᠢ 60 ᠲᠦᠮᠡᠨ ᠲᠥᠭᠦᠷᠢᠭ ᠤᠨ ᠨᠥᠬᠦᠪᠥᠷᠢ ᠦᠭᠭᠦᠪᠡ︔ 300 ᠲᠣᠯᠣᠭᠠᠶ ︵300 ᠲᠣᠯᠣᠭᠠᠶ ᠪᠠᠭᠲᠠᠨ᠎ᠠ︶ ᠠᠴᠠ ᠳᠡᠭᠡᠭᠰᠢᠬᠢ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠶᠢ ᠲᠠᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠢᠯ ᠤᠨ ᠨᠥᠬᠦᠪᠥᠷᠢ 80 ᠲᠦᠮᠡᠨ ᠲᠥᠭᠦᠷᠢᠭ ᠤᠨ ᠨᠥᠬᠦᠪᠥᠷᠢ ᠶᠢᠨ ᠪᠠᠷᠢᠮᠵᠢᠶ᠎ᠠ᠂ ᠨᠡᠶᠢᠲᠡ 280 ᠲᠦᠮᠡᠨ ᠲᠥᠭᠦᠷᠢᠭ ᠨᠦᠬᠦᠪᠦᠷᠢᠯᠡᠪᠡ᠃ 2019 ᠣᠨ ᠳᠤ ᠲᠡᠵᠢᠭᠡᠨ ᠦᠷᠡᠵᠢᠭᠦᠯᠬᠦ ᠲᠠᠯᠠᠪᠠᠶ ᠶᠢ ᠥᠭᠡᠷᠡᠴᠢᠯᠡᠨ ᠲᠠᠰ ᠳᠡᠪᠰᠢᠭᠦᠯᠵᠦ᠂ ᠲᠣᠭᠲᠠᠬᠤ ᠰᠢᠶᠠᠨ ᠤ ᠬᠠᠢ ᠪᠢᠩ ᠮᠠᠯᠵᠢᠯ ᠤᠨ ᠲᠠᠯᠠᠪᠠᠶ ᠶᠢ ᠥᠭᠡᠷᠡᠴᠢᠯᠡᠨ ᠥᠷᠭᠡᠳᠬᠡᠨ ᠪᠠᠶᠢᠭᠤᠯᠬᠤ ᠲᠥᠰᠦᠯ ᠢ ᠲᠤᠰᠢᠶᠠᠭᠰᠠᠨ ᠪᠥᠭᠡᠳ ᠴᠤᠬᠤᠯᠠᠪᠤᠷᠢᠯᠠᠭᠰᠠᠨ ᠤ ᠳᠠᠷᠠᠭ᠎ᠠ᠂ ᠢᠳᠡᠪᠬᠢᠲᠡᠶ ᠪᠠᠷ ᠠᠵᠢᠯ ᠡᠬᠢᠯᠡᠭᠦᠯᠦᠭᠰᠡᠨ ᠪᠣᠯᠪᠠᠴᠤ ᠪᠠᠷᠢᠯᠭ᠎ᠠ ᠶᠢᠨ ᠬᠤᠭᠤᠴᠠᠭ᠎ᠠ ᠰᠠᠭᠠᠲᠠᠭᠰᠠᠨ ᠠᠴᠠ ᠪᠣᠯᠵᠣ ᠪᠥᠲᠥᠭᠡᠨ ᠪᠠᠶᠢᠭᠤᠯᠬᠤ ᠠᠭᠤᠯᠭ᠎ᠠ ᠪᠠᠨ ᠴᠠᠭ ᠲᠤᠬᠠᠶ ᠳᠤᠨᠢ ᠪᠡᠶᠡᠯᠡᠭᠦᠯᠦᠭᠰᠡᠨ ᠥᠬᠡᠶ᠂ 2020 ᠣᠨ ᠳᠤ ᠲᠥᠰᠦᠯ ᠤᠨ ᠱᠠᠭᠠᠷᠳᠠᠯᠭ᠎ᠠ ᠶᠣᠰᠣᠭᠠᠷ ᠦᠷᠭᠦᠯᠵᠢᠯᠡᠨ ᠪᠠᠶᠢᠭᠤᠯᠬᠤ ᠶᠢ ᠪᠦᠬᠦᠨ ᠢ ᠪᠡᠶᠡᠯᠡᠭᠦᠯᠦᠭᠰᠡᠨ ᠪᠥᠭᠡᠳ ᠨᠢᠳᠤᠨᠤᠨ ᠤ 9 ᠰᠠᠷ᠎ᠠ ᠳᠤ ᠰᠢᠯᠭᠠᠨ ᠠᠪᠬᠤ ᠳᠤ ᠬᠢᠷᠢ ᠲᠡᠩᠴᠡᠭᠰᠡᠨ ᠪᠠᠶᠢᠨ᠎ᠠ᠃ 300 ᠲᠣᠯᠣᠭᠠᠶ ︵300 ᠲᠣᠯᠣᠭᠠᠶ ᠪᠠᠭᠲᠠᠨ᠎ᠠ︶ ᠠᠴᠠ ᠳᠡᠭᠡᠭᠰᠢᠬᠢ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠶᠢ ᠲᠠᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠢᠯ ᠤᠨ ᠨᠥᠬᠦᠪᠥᠷᠢ ᠶᠢᠨ 80 ᠲᠦᠮᠡᠨ ᠲᠥᠭᠦᠷᠢᠭ ᠤᠨ ᠨᠥᠬᠦᠪᠥᠷᠢ ᠶᠢᠨ ᠪᠠᠷᠢᠮᠵᠢᠶ᠎ᠠ ᠶᠣᠰᠣᠭᠠᠷ ᠨᠡᠶᠢᠲᠡ 80 ᠲᠦᠮᠡᠨ ᠲᠥᠭᠦᠷᠢᠭ ᠤᠨ ᠨᠥᠬᠦᠪᠥᠷᠢ ᠦᠭᠭᠦᠪᠡ᠃ 5 ᠡᠷᠦᠬᠡ ᠳᠤ ᠨᠡᠶᠢᠲᠡ 360 ᠲᠦᠮᠡᠨ ᠲᠥᠭᠦᠷᠢᠭ ᠤᠨ ᠨᠥᠬᠦᠪᠥᠷᠢ ᠦᠭᠭᠦᠪᠡ᠃      ᠬᠤᠶᠠᠷ᠂ ᠢᠴᠡᠭᠡᠯ ᠦᠷ᠎ᠡ ᠶᠢᠨ ᠨᠥᠬᠦᠪᠥᠷᠢ        ᠰᠢᠯᠭᠠᠨ ᠠᠪᠬᠤ ᠳᠤᠭᠤᠶᠢᠯᠠᠩ ᠤᠨ ᠬᠢᠨ ᠲᠤᠬᠠᠶ ᠶᠢᠨ ᠲᠠᠯᠠᠪᠤᠷ ᠲᠤ ᠬᠢᠨᠠᠨ ᠬᠠᠷᠭᠤᠭᠤᠯᠤᠭᠰᠠᠨ ᠢᠶᠠᠷ᠂ 6 ᠮᠠᠯᠵᠢᠯ ᠤᠨ ᠲᠠᠯᠠᠪᠠᠶ ᠳᠤ ᠥᠪᠥᠷ ᠮᠣᠩᠭᠤᠯ ᠤᠨ ᠰᠠᠢ ᠺᠧ ᠰᠢᠩ᠂ ᠾᠧᠨᠠᠨ ᠤ ᠳ᠋ᠢᠩ ᠶᠤᠸᠠᠨ᠂ ᠳᠥᠷᠪᠡᠳ ᠤᠨ ᠮᠥ ᠴᠢᠤᠸᠠᠨ ᠶᠤᠸᠠᠨ ᠰᠢᠩ᠂ ᠪᠡᠭᠡᠵᠢᠩ ᠤᠨ ᠧᠨ ᠮᠥ ᠰᠢᠨᠵᠢᠯᠡᠬᠦ ᠤᠬᠠᠭᠠᠨ ᠮᠡᠷᠭᠡᠵᠢᠯ ᠤᠨ  ᠣᠬᠢ ᠰᠢᠯᠢᠳᠡᠭ ᠢᠴᠡᠭᠡᠯ ᠦᠷ᠎ᠡ 5054 ᠶᠢ ᠬᠡᠷᠡᠭᠯᠡᠭᠰᠡᠨ ᠪᠠᠶᠢᠨ᠎ᠠ᠃ ᠵᠠᠷᠤᠯᠭ᠎ᠠ ᠪᠦᠷᠢ ᠳᠤ 60 ᠲᠥᠭᠦᠷᠢᠭ ᠤᠨ ᠨᠥᠬᠦᠪᠥᠷᠢ ᠥᠭᠬᠦ ᠪᠠᠷᠢᠮᠵᠢᠶ᠎ᠠ ᠪᠠᠷ ᠨᠡᠶᠢᠲᠡ 30. 324 ᠲᠦᠮᠡᠨ ᠲᠥᠭᠦᠷᠢᠭ ᠤᠨ ᠨᠥᠬᠦᠪᠥᠷᠢ ᠦᠭᠭᠦᠪᠡ᠃      ᠭᠤᠷᠪᠠ᠂ ᠲᠡᠵᠢᠭᠡᠯ ᠡᠪᠡᠰᠦ ᠪᠣᠷᠳᠤᠭ᠎ᠠ ᠶᠢ ᠬᠤᠷᠢᠶᠠᠨ ᠨᠥᠭᠡᠴᠡᠯᠡᠬᠦ ᠨᠥᠬᠦᠪᠥᠷᠢ      2020 ᠣᠨ ᠳᠤ᠂ ᠳᠠᠩᠰᠠᠯᠠᠭᠤᠯᠬᠤ ᠪᠠᠷ ᠭᠤᠶᠤᠴᠢᠯᠠᠭᠰᠠᠨ ᠪᠥᠭᠡᠳ ᠰᠢᠯᠭᠠᠨ ᠠᠪᠬᠤ ᠳᠤ ᠬᠢᠷᠢ ᠲᠡᠩᠴᠡᠭᠰᠡᠨ ᠠᠵᠤ ᠠᠬᠤᠶᠢᠯᠠᠯ 36 ᠪᠠᠶᠢᠨ᠎ᠠ᠃ ᠡᠭᠦᠨ ᠳᠤ ᠡᠪᠡᠰᠦ ᠪᠣᠷᠳᠤᠭ᠎ᠠ ᠳᠠᠷᠢᠬᠤ ᠠᠵᠤ ᠠᠬᠤᠶᠢᠯᠠᠯ 4 ᠪᠠᠶᠢᠵᠤ᠂ ᠴᠢᠨᠠᠷ ᠰᠠᠶᠢᠲᠠᠶ ᠡᠪᠡᠰᠦ ᠪᠣᠷᠳᠤᠭ᠎ᠠ ᠶᠢ ᠨᠡᠶᠢᠲᠡ 1775.38 ᠲᠣᠨ ᠬᠤᠳᠠᠯᠳᠤᠪᠠ︔ ᠥᠪᠡᠰᠦᠪᠡᠨ ᠨᠠᠶᠢᠷᠠᠭᠤᠯᠤᠭᠰᠠᠨ ᠲᠡᠵᠢᠭᠡᠯ ᠪᠣᠷᠳᠣᠭᠠᠨ ᠤ ᠰᠠᠭᠤᠷᠢᠨ ᠭᠠᠵᠠᠷ ᠤᠨ ᠮᠠᠯᠵᠢᠯ ᠤᠨ ᠲᠠᠯᠠᠪᠠᠶ ᠳᠤ ᠨᠡᠶᠢᠲᠡ 408 ᠲᠣᠨ ᠬᠠᠭᠤᠷᠠᠶ ᠡᠪᠡᠰᠦ ᠳᠠᠷᠢᠵᠤ ᠬᠤᠳᠠᠯᠳᠤᠵᠤ᠂ 5335 ᠲᠣᠨ ᠰᠢᠨ᠎ᠡ ᠰᠣᠷᠭᠤᠭ ᠡᠪᠡᠰᠦ ᠬᠤᠳᠠᠯᠳᠤᠨ ᠠᠪᠴᠠᠶ︔      ᠡᠪᠡᠰᠦ ᠪᠡᠯᠴᠢᠭᠡᠷ ᠬᠡᠷᠡᠭᠯᠡᠬᠦ ᠠᠵᠤ ᠠᠬᠤᠶᠢᠯᠠᠯ 31 ᠪᠠᠶᠢᠵᠤ᠂ ᠨᠡᠶᠢᠲᠡ 1655.9 ᠲᠣᠨ ᠬᠠᠭᠤᠷᠠᠶ ᠡᠪᠡᠰᠦ᠂ 217644.89 ᠲᠣᠨ ᠰᠢᠨ᠎ᠡ ᠰᠣᠷᠭᠤᠭ ᠡᠪᠡᠰᠦ ᠬᠤᠳᠠᠯᠳᠤᠨ ᠠᠪᠴᠠᠶ᠃ ᠬᠥᠬᠡᠬᠤᠲᠠ ᠶᠢᠨ ᠬᠡᠪᠴᠢᠶᠡᠨ ᠳᠤ ᠴᠢᠨᠠᠷ ᠰᠠᠶᠢᠲᠠᠶ ᠲᠡᠵᠢᠭᠡᠯ ᠡᠪᠡᠰᠦ ︵ᠴᠠᠷᠭᠠᠰᠤ ᠶᠢᠨ ᠡᠪᠡᠰᠦ᠂ ᠨᠣᠬᠠᠶ ᠶᠢᠨ ᠬᠤᠰᠢᠭᠤ ᠶᠢᠨ ᠡᠪᠡᠰᠦ︶ ᠳᠠᠷᠢᠬᠤ ᠶᠢᠨ ᠬᠠᠮᠲᠤ ᠲᠣᠰ ᠭᠠᠵᠠᠷ ᠤᠨ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠶ ᠶᠢᠨ ᠠᠵᠤ ᠠᠬᠤᠶᠢᠯᠠᠯ᠂ ᠬᠤᠷᠰᠢᠶ᠎ᠠ᠂ ᠲᠡᠵᠢᠭᠡᠨ ᠦᠷᠡᠵᠢᠭᠦᠯᠬᠦ ᠲᠠᠯᠠᠪᠠᠶ ᠪᠤᠶᠤ ᠲᠠᠷᠢᠶᠠᠴᠢᠨ ᠡᠷᠦᠬᠡ ᠳᠤ ᠪᠣᠷᠣᠯᠠᠭᠤᠯᠤᠨ ᠥᠭᠴᠦ ᠂ ᠨᠥᠬᠦᠪᠥᠷᠢ ᠶᠢᠨ ᠪᠠᠷᠢᠮᠵᠢᠶ᠎ᠠ ᠨᠢ ᠲᠣᠨ ᠪᠦᠷᠢ ᠳᠤ 100 ᠲᠥᠭᠦᠷᠢᠭ ᠪᠣᠯᠤᠨ᠎ᠠ︔ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠶ ᠶᠢᠨ ᠬᠤᠷᠢᠶᠠᠨ ᠬᠠᠳᠠᠭᠠᠯᠠᠭᠰᠠᠨ ᠳᠠᠷᠤᠰᠢ ᠶᠢᠨ ᠡᠷᠳᠡᠨᠢ ᠰᠢᠰᠢ᠂ ᠳᠠᠷᠤᠰᠢ ᠶᠢᠨ ᠴᠠᠷᠭᠠᠰᠤ ᠶᠢᠨ ᠡᠪᠡᠰᠦ᠂ ᠨᠣᠬᠠᠶ ᠶᠢᠨ ᠬᠤᠰᠢᠭᠤ ᠶᠢᠨ ᠰᠢᠨ᠎ᠡ ᠰᠣᠷᠭᠤᠭ ᠡᠪᠡᠰᠦ ᠵᠡᠷᠭᠡ ᠴᠢᠨᠠᠷ ᠰᠠᠶᠢᠲᠠᠶ ᠪᠦᠳᠦᠭᠦᠯᠢᠭ ᠪᠣᠷᠳᠣᠭᠠᠨ ᠳᠤ ᠲᠣᠨ ᠪᠦᠷᠢ ᠳᠤ 50 ᠲᠥᠭᠦᠷᠢᠭ ᠨᠥᠬᠦᠪᠥᠷᠢᠯᠡᠵᠦ᠂ ᠨᠡᠶᠢᠲᠡ 1153.2923 ᠲᠦᠮᠡᠨ ᠲᠥᠭᠦᠷᠢᠭ ᠨᠦᠬᠦᠪᠦᠷᠢᠯᠡᠪᠡ᠃      ᠳᠥᠷᠪᠡ᠂ ᠭᠠᠳᠠᠨ᠎ᠠ ᠠᠴᠠ ᠬᠤᠳᠠᠯᠳᠤᠨ ᠠᠪᠤᠭᠰᠠᠨ ᠰᠠᠭᠠᠯᠢ ᠶᠢᠨ      2020 ᠣᠨ ᠳᠤ᠂ ᠮᠠᠨ ᠤ ᠰᠢᠶᠠᠨ ᠤ 4 ᠮᠠᠯᠵᠢᠯ ᠤᠨ ᠲᠠᠯᠠᠪᠠᠶ ᠨᠢ ᠬᠥᠬᠡᠬᠤᠲᠠ ᠠᠴᠠ ᠭᠠᠳᠠᠨᠠᠬᠢ ᠭᠠᠵᠠᠷ ᠣᠷᠣᠨ ᠠᠴᠠ 1126 ᠰᠠᠭᠠᠯᠢ ᠶᠢᠨ ᠦᠨᠢᠶ᠎ᠡ ᠬᠤᠳᠠᠯᠳᠤᠨ ᠠᠪᠴᠠᠶ᠃ ᠰᠢᠯᠭᠠᠨ ᠠᠪᠬᠤ ᠳᠤᠭᠤᠶᠢᠯᠠᠩ ᠤᠨ ᠮᠠᠲ᠋ᠧᠷᠢᠶᠠᠯ ᠢ ᠬᠢᠨᠠᠨ ᠬᠠᠷᠭᠤᠭᠤᠯᠵᠤ᠂ ᠲᠤᠬᠠᠶ ᠶᠢᠨ ᠲᠠᠯᠠᠪᠤᠷ ᠲᠤ ᠪᠠᠶᠢᠴᠠᠭᠠᠨ ᠰᠢᠯᠭᠠᠭᠰᠠᠨ ᠢᠶᠠᠷ᠂ ᠠᠦ᠋ᠰᠲᠷᠠᠯᠢᠶ᠎ᠠ ᠠᠴᠠ 466 ᠰᠠᠭᠠᠯᠢ ᠶᠢᠨ ᠦᠨᠢᠶ᠎ᠡ ᠬᠤᠳᠠᠯᠳᠤᠨ ᠠᠪᠴᠤ᠂ ᠰᠢᠨ᠎ᠡ ᠽᠧᠯᠡᠨᠳ᠋ ᠠᠴᠠ 600 ᠰᠠᠭᠠᠯᠢ ᠶᠢᠨ ᠦᠨᠢᠶ᠎ᠡ ᠬᠤᠳᠠᠯᠳᠤᠨ ᠠᠪᠴᠤ᠂ ᠮᠤᠵᠢ ᠶᠢᠨ ᠭᠠᠳᠠᠨᠠᠬᠢ ᠬᠠᠷᠪᠢᠨ ᠠᠴᠠ 60 ᠰᠠᠭᠠᠯᠢ ᠶᠢᠨ ᠦᠨᠢᠶ᠎ᠡ ᠬᠤᠳᠠᠯᠳᠤᠨ ᠠᠪᠴᠠᠶ᠃ ᠭᠠᠳᠠᠭᠠᠳᠤ ᠠᠴᠠ ᠣᠷᠣᠭᠤᠯᠤᠭᠰᠠᠨ ᠰᠠᠭᠠᠯᠢ ᠶᠢᠨ ᠦᠨᠢᠶ᠎ᠡ ᠶᠢᠨ ᠲᠣᠯᠣᠭᠠᠶ ᠪᠦᠷᠢ ᠳᠤ 5000 ᠲᠥᠭᠦᠷᠢᠭ ᠤᠨ ᠨᠥᠬᠦᠪᠥᠷᠢ ᠥᠭᠴᠦ᠂ ᠤᠯᠤᠰ ᠤᠨ ᠳᠣᠲᠣᠭᠠᠳᠤ︵ᠬᠥᠬᠡᠬᠤᠲᠠ ᠠᠴᠠ ᠪᠤᠰᠤᠳ ᠭᠠᠵᠠᠷ ᠣᠷᠣᠨ︶ ᠶᠢᠨ ᠬᠤᠳᠠᠯᠳᠤᠨ ᠠᠪᠤᠭᠰᠠᠨ ᠰᠠᠭᠠᠯᠢ ᠶᠢᠨ ᠦᠨᠢᠶ᠎ᠡ ᠶᠢᠨ ᠲᠣᠯᠣᠭᠠᠶ ᠪᠦᠷᠢ ᠳᠤ 3000 ᠲᠥᠭᠦᠷᠢᠭ ᠤᠨ ᠨᠥᠬᠦᠪᠥᠷᠢ ᠥᠭᠬᠦ ᠪᠠᠷᠢᠮᠵᠢᠶ᠎ᠠ ᠶᠣᠰᠣᠭᠠᠷ᠂ ᠨᠡᠶᠢᠲᠡ 551 ᠲᠦᠮᠡᠨ ᠲᠥᠭᠦᠷᠢᠭ ᠤᠨ ᠨᠥᠬᠦᠪᠥᠷᠢ ᠦᠭᠭᠦᠪᠡ᠃      ᠳᠡᠭᠡᠷᠡᠬᠢ ᠳᠥᠷᠪᠡᠨ ᠵᠦᠢᠯ ᠳᠤ ᠨᠡᠶᠢᠲᠡ 2094.6163 ᠲᠦᠮᠡᠨ ᠲᠥᠭᠦᠷᠢᠭ ᠤᠨ ᠨᠥᠬᠦᠪᠥᠷᠢ ᠦᠭᠭᠦᠪᠡ᠃                            ᠲᠣᠭᠲᠠᠬᠤ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ                                                 2021 ᠣᠨ ᠤ 7 ᠳ᠋ᠤᠭᠠᠷ ᠰᠠᠷ᠎ᠠ ᠶᠢᠨ 29 ᠤ ᠡᠳᠦᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1