ᠷᠧᠨ ᠿᠦᠢ
ᠨᠡᠶᠢᠲᠡᠯᠡᠭᠰᠡᠨ ᠴᠠᠭ᠄
2021/9/1
ᠲᠤᠰᠢᠶᠠᠯ᠄ ᠰᠢᠶᠠᠨ ᠤ ᠳᠡᠳ᠋ ᠳᠠᠷᠤᠭ᠎ᠠ ᠠᠵᠢᠯ ᠤᠨ ᠬᠤᠪᠢᠶᠠᠷᠢᠯᠠᠯ᠄      ᠰᠢᠶᠠᠨ ᠤ ᠳᠠᠷᠤᠭ᠎ᠠ ᠶᠢ ᠬᠠᠮᠵᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ᠂ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠭᠦᠴᠡᠳᠭᠡᠬᠦ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠪᠢᠳᠠᠨ ᠬᠠᠮᠢᠶᠠᠷᠬᠤ᠄      ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ︵ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ︶᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠵᠢᠯᠣᠭᠤᠳᠤᠨ ᠳᠣᠭᠢᠷᠠᠭᠤᠯᠬᠤ ᠲᠥᠪ᠃ ᠬᠠᠷᠢᠯᠴᠠᠬᠤ ᠨᠢ᠄      ᠤᠳᠬ᠎ᠠ ᠵᠣᠬᠢᠶᠠᠯ ᠤᠷᠠᠯᠢᠭ ᠤᠨ ᠬᠤᠯᠪᠤᠭ᠎ᠠ᠂ ᠲᠠᠮᠠᠬᠢ ᠲᠤᠰᠬᠠᠶ ᠬᠤᠳᠠᠯᠳᠤᠬᠤ ᠲᠣᠪᠴᠢᠶ᠎ᠠ᠃ ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠦᠨ᠎ᠡ᠃ ᠲᠣᠪᠴᠢ ᠨᠠᠮᠲᠠᠷ᠄      ᠷᠧᠨ ᠿᠦᠢ᠂ ᠡᠮᠡᠭᠲᠡᠶ᠂ ᠬᠢᠲᠠᠳ ᠦᠨᠳᠦᠰᠦᠲᠡᠨ᠂ 1975 ᠣᠨ ᠤ 12 ᠳ᠋ᠤᠭᠠᠷ ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠵᠡᠭᠦᠨᠭᠠᠷ ᠬᠤᠰᠢᠭᠤᠨ ᠳᠤ ᠨᠤᠲᠤᠭ ᠲᠠᠢ᠂ ᠶᠡᠭᠡ ᠰᠤᠷᠭᠠᠭᠤᠯᠢ ᠶᠢᠨ ᠰᠣᠶᠣᠯ ᠤᠨ ᠬᠢᠷᠢ ᠬᠡᠮᠵᠢᠶ᠎ᠡ ᠲᠠᠢ᠂ ᠠᠷᠠᠳᠴᠢᠯᠠᠯ ᠢᠶᠠᠷ ᠠᠬᠢᠭᠤᠯᠬᠤ ᠨᠡᠶᠢᠭᠡᠮᠯᠢᠭ ᠤᠨ ᠭᠡᠰᠢᠭᠦᠨ᠂ 2002 ᠣᠨ ᠤ 11 ᠳ᠋ᠤᠭᠡᠷ ᠰᠠᠷ᠎ᠠ ᠳᠤ ᠠᠵᠢᠯ ᠳᠤ ᠣᠷᠣᠵᠤ᠂ ᠣᠲᠣ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ  ᠰᠢᠶᠠᠨ ᠤ ᠳᠡᠳ᠋ ᠳᠠᠷᠤᠭ᠎ᠠ ᠶᠢᠨ ᠲᠤᠰᠢᠶᠠᠯ ᠲᠠᠢ᠃      2002.11 — 2012.03 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠷᠠᠳᠢᠣ᠋ ᠲᠧᠯᠸᠢᠰ ᠤᠨ ᠲᠤᠪᠴᠢᠶ᠎ᠠ ᠶᠢᠨ ᠨᠡᠶᠢᠭᠡᠮ ᠤᠨ ᠬᠠᠮᠢᠶᠠᠷᠤᠯᠲᠠ ᠶᠢᠨ ᠰᠠᠯᠠᠭᠠᠨ ᠤ ᠭᠡᠰᠢᠭᠦᠴᠢ      2012. 03 — 2015. 12 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠷᠠᠳᠢᠣ᠋ ᠺᠢᠨᠣ᠋ ᠲᠧᠯᠸᠢᠰ ᠤᠨ ᠲᠤᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ ᠵᠥᠪᠰᠢᠶᠡᠷᠡᠬᠦ ᠠᠯᠪᠠᠨ ᠭᠡᠷ ᠤᠨ ᠳᠡᠳ᠋ ᠡᠷᠬᠢᠯᠡᠭᠴᠢ      2015. 12 — 2019.08 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠣᠶᠣᠯ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠤᠪᠴᠢᠶ᠎ᠠ ᠶᠢᠨ ᠠᠯᠪᠠᠨ ᠭᠡᠷ ᠤᠨ ᠡᠷᠬᠢᠯᠡᠭᠴᠢ      2019.08 — 2020.09 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠣᠶᠣᠯ ᠵᠤᠭᠠᠴᠠᠯ ᠷᠠᠳᠢᠣ᠋ ᠲᠧᠯᠸᠢᠰ ᠤᠨ ᠲᠤᠪᠴᠢᠶ᠎ᠠ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠰᠠᠯᠠᠭᠠᠨ ᠤ ᠳᠠᠷᠤᠭ᠎ᠠ      2020.09 — ᠤᠳᠤ ᠪᠣᠯᠲᠠᠯ᠎ᠠ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠶᠢᠨ ᠲᠤᠰᠢᠶᠠᠯ ᠢ ᠬᠠᠷᠢᠭᠤᠴᠠᠵᠦ ᠪᠠᠶᠢᠨ᠎ᠠ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1