ᠭᠤᠤ ᠬᠠᠨ
ᠨᠡᠶᠢᠲᠡᠯᠡᠭᠰᠡᠨ ᠴᠠᠭ᠄
2021/9/1
ᠲᠤᠰᠢᠶᠠᠯ᠄     ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠰᠢᠶᠠᠨ ᠤ ᠳᠡᠳ᠋ ᠳᠠᠷᠤᠭ᠎ᠠ ᠠᠵᠢᠯ ᠤᠨ ᠬᠤᠪᠢᠶᠠᠷᠢᠯᠠᠯ᠄      ᠰᠢᠶᠠᠨ ᠤ ᠳᠠᠷᠤᠭ᠎ᠠ ᠶᠢ ᠬᠠᠮᠵᠢᠨ ᠡᠳ᠋ ᠤᠨ ᠵᠠᠰᠠᠭ ᠭᠠᠶᠢᠯᠢ ᠲᠠᠲᠠᠪᠤᠷᠢ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ᠂ ᠮᠥᠩᠭᠦᠨ ᠭᠦᠢᠯᠭᠡᠭᠡ᠂ ᠬᠢᠨᠠᠨ ᠪᠣᠳᠣᠯᠲᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠬᠥᠯᠥᠰᠥᠨ ᠠᠵᠢᠯᠴᠢᠨ ᠤ ᠴᠠᠯᠢᠩ ᠤᠨ ᠥᠷᠢ ᠶᠢ ᠢᠯᠭᠠᠷᠠᠭᠤᠯᠬᠤ᠂ ᠤᠰᠤᠨ ᠤ ᠶᠠᠪᠤᠳᠠᠯ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠬᠤᠲᠠ ᠶᠢᠨ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠪᠢᠳᠠᠨ ᠬᠠᠮᠢᠶᠠᠷᠬᠤ᠄      ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯᠳᠤ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠮᠥᠩᠭᠦᠨ ᠭᠦᠢᠯᠭᠡᠭᠡᠨ ᠤ ᠠᠵᠢᠯ ᠤᠨ ᠦᠢᠯᠡᠴᠢᠯᠡᠭᠡᠨ ᠤ ᠲᠥᠪ︶᠂ ᠬᠢᠨᠠᠨ ᠪᠤᠳᠤᠬᠤ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠲᠣᠪᠴᠢᠶ᠎ᠠ ︵ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ᠂ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ︶᠂ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠬᠢ᠂ ᠬᠠᠳᠤᠨ ᠭᠤᠣᠯ ᠤᠨ ᠤᠰᠤᠯᠠᠯᠲᠠ ᠶᠢᠨ ᠶᠡᠷᠦᠩᠬᠡᠶ ᠺᠣᠮᠫᠠᠨᠢ᠂ ᠶᠢᠨ ᠯᠦᠩ ᠺᠣᠮᠫᠠᠨᠢ᠂ ᠴᠧᠩ ᠹᠠ ᠪᠡᠯᠡ ᠣᠷᠣᠭᠤᠯᠤᠯᠲᠠ ᠶᠢᠨ ᠺᠣᠮᠫᠠᠨᠢ᠃ ᠬᠠᠷᠢᠯᠴᠠᠬᠤ ᠨᠢ᠄      ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠣᠷᠣᠨ ᠲᠤᠭ᠎ᠠ ᠶᠢᠨ ᠠᠯᠪᠠᠨ ᠬᠡᠷ᠂ ᠠᠷᠠᠳ ᠤᠨ ᠪᠠᠩᠬᠢ᠂ ᠲᠠᠷᠢᠶᠠᠯᠠᠩ ᠤᠨ ᠪᠠᠩᠬᠢ᠂ ᠳᠤᠮᠳᠠᠳᠤ ᠤᠯᠤᠰ ᠤᠨ ᠪᠠᠩᠬᠢ᠂ ᠦᠢᠯᠡᠳᠪᠦᠷᠢ ᠬᠤᠳᠠᠯᠳᠤᠭᠠᠨ ᠤ ᠪᠠᠩᠬᠢ᠂ ᠰᠢᠤᠳᠠᠨ ᠤ ᠬᠠᠳᠠᠭᠠᠯᠠᠮᠵᠢ ᠶᠢᠨ ᠪᠠᠩᠬᠢ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ᠂ ᠥᠪᠥᠷ ᠮᠣᠩᠭᠤᠯ ᠤᠨ ᠪᠠᠩᠬᠢ ᠶᠢᠨ ᠲᠣᠭᠲᠠᠬᠤ ᠰᠠᠯᠪᠤᠷᠢ ᠪᠠᠩᠬᠢ᠂ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ᠂ ᠡᠯ᠎ᠡ ᠳᠠᠭᠠᠳᠬᠠᠯ ᠤᠨ ᠺᠣᠮᠫᠠᠨᠢ᠃ ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ ᠲᠣᠪᠴᠢ ᠨᠠᠮᠲᠠᠷ᠄      ᠭᠤᠤ ᠬᠠᠨ᠂ ᠡᠷᠡᠭᠲᠡᠶ᠂ ᠬᠢᠲᠠᠳ ᠦᠨᠳᠦᠰᠦᠲᠡᠨ᠂ 1980 ᠣᠨ ᠤ 3 ᠳ᠋ᠤᠭᠠᠷ ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠤᠷᠠᠳ ᠤᠨ ᠳᠤᠮᠳᠠᠳᠤ ᠬᠤᠰᠢᠭᠤᠨ ᠳᠤ ᠨᠤᠲᠤᠭ ᠲᠠᠢ᠂ ᠨᠠᠨᠵᠢᠩ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠮᠠᠰᠢᠨᠴᠢᠯᠠᠯᠲᠠ ᠵᠢᠴᠢ ᠠᠦ᠋ᠲ᠋ᠣᠴᠢᠯᠠᠯᠲᠠ ᠶᠢᠨ ᠰᠠᠯᠪᠤᠷᠢ ᠶᠢᠨ ᠲᠠᠷᠢᠶᠠᠯᠠᠩ ᠤᠨ ᠮᠠᠰᠢᠨ ᠤ ᠲᠤᠰᠬᠠᠶ ᠮᠡᠷᠭᠡᠵᠢᠯ ᠠᠴᠠ ᠲᠡᠭᠦᠰᠴᠡᠶ᠂ ᠶᠡᠭᠡ ᠰᠤᠷᠭᠠᠭᠤᠯᠢ ᠶᠢᠨ ᠲᠧᠭᠨᠢᠭ ᠤᠨ ᠤᠬᠠᠭᠠᠨ ᠤ ᠪᠠᠴᠤᠯᠤᠷ᠂ 2003 ᠣᠨ ᠤ 6 ᠳ᠋ᠤᠭᠠᠷ ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠡᠯᠰᠡᠭᠳᠡᠵᠦ᠂ 2003 ᠣᠨ ᠤ 6  ᠳ᠋ᠤᠭᠠᠷ ᠰᠠᠷ᠎ᠠ ᠳᠤ ᠠᠵᠢᠯ ᠳᠤ ᠣᠷᠣᠵᠠᠶ᠃    ᠲᠣᠪᠴᠢ ᠨᠠᠮᠲᠠᠷ᠄    2003.06 — 2018.12  ᠴᠡᠷᠢᠭ ᠤᠨ ᠠᠯᠪᠠ ᠬᠠᠭᠠᠪᠠ︔    2018.12 — 2019.06 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠪᠠᠶᠢᠴᠠᠭᠠᠨ ᠰᠤᠳᠤᠯᠤᠭᠴᠢ︔    2019.06 — 2021.05 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ︔    2021.05 — ᠤᠳᠤ ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠲᠠᠬᠤ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠰᠢᠶᠠᠨ ᠤ ᠳᠡᠳ᠋ ᠳᠠᠷᠤᠭ᠎ᠠ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1