9 ᠳ᠋ᠤᠭᠡᠷ ᠰᠠᠷ᠎ᠠ ᠶᠢᠨ 8 ᠤ ᠡᠳᠦᠷ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠰᠢᠶᠦ᠋ᠨ ᠰᠢᠶᠠᠨ ᠤ ᠠᠷᠪᠠᠨ ᠳᠣᠯᠣᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠭᠤᠴᠢᠨ ᠬᠤᠶᠠᠳᠤᠭᠠᠷ ᠤᠳᠠᠭᠠᠨ ᠤ | ᠬᠤᠷᠠᠯ ᠤᠨ ᠡᠷᠬᠢᠯᠡᠨ ᠬᠤᠷᠠᠯᠳᠤᠭᠤᠯᠪᠠ᠃ | | | ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ | ᠬᠤᠷᠠᠯ ᠳᠤ ᠣᠷᠣᠯᠴᠠᠪᠠ᠃ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠶᠠᠩ ᠶᠢᠨ᠂ ᠰᠢᠶᠠᠨ ᠤ ᠬᠢᠨᠠᠨ | ᠪᠠᠶᠢᠴᠠᠭᠠᠬᠤ ᠵᠥᠪᠯᠡᠯ᠂ ᠰᠢᠭᠦᠬᠦ ᠪᠠᠶᠢᠴᠠᠭᠠᠬᠤ ᠬᠤᠶᠠᠷ ᠬᠤᠷᠢᠶᠠᠨ ᠤ ᠬᠠᠷᠢᠭᠤᠴᠠᠯᠭᠠᠲᠠᠨ᠂ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠬᠡᠷ ᠪᠣᠯᠤᠨ ᠡᠯ᠎ᠡ ᠲᠤᠰᠬᠠᠶ | ᠺᠣᠮᠢᠰ ᠤᠨ ᠠᠵᠢᠯᠯᠠᠬᠤ ᠺᠣᠮᠢᠰ ᠤᠨ ᠡᠷᠬᠢᠯᠡᠭᠴᠢ᠂ ᠳᠡᠳ᠋ ᠡᠷᠬᠢᠯᠡᠭᠴᠢ ᠬᠤᠷᠠᠯ ᠳᠤ ᠰᠤᠯᠠ ᠣᠷᠣᠯᠴᠠᠪᠠ᠃ | ᠬᠤᠷᠠᠯ ᠠᠴᠠ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ ᠠᠵᠢᠯ ᠢ ᠶᠠᠪᠤᠭᠳᠠᠭᠤᠯᠪᠠ︔ | ᠭᠤᠤ ᠰᠢᠶᠤᠤ ᠢᠦᠢ ᠨᠥᠬᠦᠷ ᠢ ᠲᠣᠭᠲᠠᠬᠤ ᠰᠢᠶᠠᠨ ᠤ ᠠᠵᠢᠯᠴᠢᠨ ᠤ ᠮᠡᠳᠡᠭᠡ ᠵᠠᠩᠭᠢᠵᠢᠯᠲᠠ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠣᠪᠴᠢᠶᠠᠨ ᠤ ᠳᠠᠷᠤᠭ᠎ᠠ ᠪᠠᠷ ᠲᠣᠮᠢᠯᠠᠵᠤ᠂ ᠵᠠᠩ ᠵᠢᠩ ᠨᠥᠬᠦᠷ ᠢ ᠲᠣᠭᠲᠠᠬᠤ ᠰᠢᠶᠠᠨ ᠤ | ᠠᠷᠠᠳ ᠤᠨ ᠰᠢᠭᠦᠬᠦ ᠬᠤᠷᠢᠶᠠᠨ ᠤ ᠰᠢᠭᠦᠭᠴᠢ ᠪᠠᠷ ᠲᠣᠮᠢᠯᠠᠪᠠ᠃ | ᠬᠤᠷᠠᠯ ᠠᠴᠠ᠂ ︽ᠲᠣᠭᠲᠠᠬᠤ ᠰᠢᠶᠠᠨ ᠤ ᠰᠢᠶᠠᠨ ᠪᠠᠯᠭᠠᠰᠤ ᠬᠤᠶᠠᠷ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠲᠥᠰᠦᠯ︾᠂ ︽ | ᠡᠯ᠎ᠡ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ | ᠰᠣᠩᠭᠤᠭᠤᠯᠢ ᠶᠢᠨ ᠺᠣᠮᠢᠰ ᠤᠨ ᠪᠦᠷᠢᠯᠳᠦᠬᠦᠨ ᠢ ᠲᠣᠮᠢᠯᠠᠬᠤ ᠲᠤᠬᠠᠶ ᠮᠡᠳᠡᠭᠳᠡᠯ︾᠂ ︽ᠲᠣᠭᠲᠠᠬᠤ ᠰᠢᠶᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠭᠤᠴᠠᠭ᠎ᠠ ᠰᠣᠯᠢᠬᠤ | ᠰᠣᠩᠭᠤᠭᠤᠯᠢ ᠶᠢᠨ ᠺᠣᠮᠢᠰ ᠤᠨ ᠪᠦᠷᠢᠯᠳᠦᠬᠦᠨ ᠢ ᠲᠣᠮᠢᠯᠠᠬᠤ ᠨᠡᠷᠡᠰ︾ ᠪᠠ ︽ᠡᠯ᠎ᠡ ᠪᠠᠯᠭᠠᠰᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠭ᠎ᠠ ᠶᠢ ᠰᠢᠨ᠎ᠡ ᠪᠠᠷ ᠬᠢᠨᠠᠨ ᠲᠣᠭᠲᠠᠭᠠᠬᠤ ᠲᠤᠬᠠᠶ | ᠲᠣᠭᠲᠠᠬᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠮᠡᠳᠡᠭᠳᠡᠯ | ︾ ᠢ ᠬᠢᠨᠠᠨ ᠵᠥᠪᠯᠡᠵᠦ ᠪᠠᠲᠤᠯᠠᠪᠠ︾᠃ |