ᠮᠠᠨ ᠤ ᠰᠢᠶᠠᠨ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠠᠴᠠ ᠡᠮᠦᠨᠡᠬᠢ ᠯᠠᠯᠤ ᠶᠢᠨ ᠢᠳᠡᠭᠡᠨ ᠤ ᠠᠮᠤᠷ ᠲᠦᠪᠰᠢᠨ ᠤ ᠶᠡᠭᠡ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2021/9/12
      ᠮᠠᠨ ᠤ ᠰᠢᠶᠠᠨ ᠤ ᠯᠠᠯᠤ ᠶᠢᠨ ᠢᠳᠡᠭᠡᠨ ᠤ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠯᠠᠯᠤ ᠶᠢᠨ ᠢᠳᠡᠭᠡᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ᠂ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠶᠢᠨ ᠲᠥᠯᠥᠭᠡ᠂ ᠣᠶᠢᠷ᠎ᠠ ᠳᠤ᠂ ᠮᠠᠨ ᠤ ᠰᠢᠶᠠᠨ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠠᠴᠠ ᠡᠮᠦᠨᠡᠬᠢ ᠯᠠᠯᠤ ᠶᠢᠨ ᠢᠳᠡᠭᠡᠨ ᠤ ᠵᠦᠢᠯ ᠤᠨ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢ ᠥᠷᠨᠢᠭᠦᠯᠪᠡ᠃
     ᠪᠠᠶᠢᠴᠠᠭᠠᠯᠲᠠ ᠶᠢᠨ ᠳᠤᠮᠳᠠ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢᠦ ᠹᠸᠢ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠢ ᠳᠠᠭᠠᠭᠤᠯᠤᠨ᠂ ᠤᠷᠢᠳ ᠬᠤᠵᠢᠳ ᠸᠠᠨ ᠰᠢᠩ ᠲᠠᠯᠠᠪᠠᠢ ᠶᠢᠨ ᠵᠧ ᠵᠢᠶᠠ ᠳ᠋ᠦ᠋ ᠬᠡᠳᠦ ᠳᠡᠯᠭᠡᠭᠦᠷ᠂ ᠱᠤᠸᠠᠩ ᠾᠧ ᠪᠠᠯᠭᠠᠰᠤᠨ ᠤ ᠬᠤᠶᠢᠨ᠎ᠠ ᠭᠤᠤ ᠲᠣᠰᠬᠤᠨ᠂ ᠰᠢᠨ᠎ᠡ ᠶᠢᠩᠽᠢ ᠪᠠᠯᠭᠠᠰᠤ ᠵᠡᠷᠭᠡ ᠭᠠᠵᠠᠷ ᠢᠶᠠᠷ ᠬᠦᠷᠴᠦ᠂ ᠮᠠᠨ ᠤ ᠰᠢᠶᠠᠨ ᠤ ᠬᠡᠰᠡᠭ ᠯᠠᠯᠤ ᠶᠢᠨ ᠢᠳᠡᠭᠡᠨ ᠦᠢᠯᠡᠳᠪᠦᠷᠢᠯᠡᠵᠦ ᠡᠵᠡᠩᠨᠡᠬᠦ ᠠᠵᠤ ᠠᠬᠤᠶᠢᠯᠠᠯ᠂ ᠯᠠᠯᠤ ᠶᠢᠨ ᠢᠳᠡᠭᠡᠨ ᠪᠣᠯᠪᠠᠰᠤᠷᠠᠭᠤᠯᠬᠤ ᠭᠠᠵᠠᠷ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠢ ᠢᠳᠡᠪᠬᠢᠲᠡᠢ ᠤᠬᠠᠭᠤᠯᠤᠨ ᠲᠦᠭᠡᠮᠡᠯᠵᠢᠭᠦᠯᠵᠦ᠂ ᠡᠵᠡᠩᠨᠡᠭᠴᠢᠳ ᠤᠨ ᠪᠣᠯᠪᠠᠰᠤᠨ ᠢᠶᠠᠷ ᠬᠠᠤᠯᠢ ᠶᠢ ᠰᠠᠬᠢᠵᠤ ᠡᠵᠡᠩᠨᠡᠬᠦ ᠶᠢ ᠬᠦᠳᠦᠯᠦᠨ ᠵᠢᠯᠣᠭᠤᠳᠴᠠᠢ᠃
     ︽ᠯᠠᠯᠤ ᠶᠢᠨ ᠢᠳᠡᠭᠡᠨ ᠤ ᠵᠦᠢᠯ ᠤᠨ ᠬᠠᠮᠢᠶᠠᠷᠤᠯᠲᠠ ᠶᠢᠨ ᠠᠵᠢᠯ ᠪᠣᠯ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠰᠢᠰᠲ᠋ᠧᠮ ᠤᠨ ᠪᠠᠶᠢᠩᠭᠤ ᠶᠢᠨ ᠠᠵᠢᠯ ᠮᠥᠨ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠠᠴᠠ ᠡᠮᠦᠨ᠎ᠡ᠂ ᠪᠢᠳᠡ ᠪᠥᠬᠦ ᠰᠢᠶᠠᠨ ᠤ ᠬᠡᠪᠴᠢᠶᠡᠨ ᠳᠤ ᠯᠠᠯᠤ ᠶᠢᠨ ᠢᠳᠡᠭᠡᠨ ᠤ ᠵᠦᠢᠯ ᠤᠨ ᠬᠤᠪᠢ ᠶᠢᠨ ᠡᠷᠦᠬᠡ ᠵᠢᠴᠢ ᠲᠣᠮᠣ ᠬᠡᠯᠪᠡᠷᠢ ᠶᠢᠨ ᠬᠡᠲᠦ ᠳᠡᠯᠭᠡᠭᠦᠷ ᠲᠤ ᠪᠠᠶᠢᠴᠠᠭᠠᠯᠲᠠ ᠪᠠ ᠴᠡᠭᠴᠡᠯᠡᠯᠲᠡ ᠬᠢᠵᠦ᠂ ᠵᠢᠷᠤᠮᠵᠢᠯ ᠥᠬᠡᠶ ᠠᠰᠠᠭᠤᠳᠠᠯ ᠢ ᠣᠯᠵᠤ ᠮᠡᠳᠡᠪᠡᠯ᠂ ᠲᠡᠷᠡ ᠳᠠᠷᠤᠶ ᠳᠤᠨᠢ ᠴᠡᠭᠴᠡᠯᠡᠨ ᠥᠭᠡᠷᠡᠴᠢᠯᠡᠬᠦ ᠮᠡᠳᠡᠭᠳᠡᠯ ᠪᠠᠭᠤᠯᠭᠠᠨ᠎ᠠ᠃ ᠳᠠᠷᠠᠭᠠᠴᠢ ᠶᠢᠨ ᠠᠯᠬᠤᠮ ᠳᠤ ᠪᠢᠳᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠦᠷᠭᠦᠯᠵᠢᠯᠡᠨ ᠡᠷᠭᠢᠵᠦ ᠪᠠᠶᠢᠴᠠᠭᠠᠵᠤ᠂ ᠪᠦᠬᠦ ᠰᠢᠶᠠᠨ ᠤ ᠠᠷᠠᠳ ᠢᠷᠭᠡᠳ ᠲᠤ ᠠᠮᠤᠷ ᠲᠦᠪᠰᠢᠨ ᠪᠥᠭᠡᠳ ᠰᠠᠨᠠᠭ᠎ᠠ ᠠᠮᠤᠷ ᠯᠠᠯᠤ ᠶᠢᠨ ᠢᠳᠡᠭᠡᠨ ᠠᠪᠴᠢᠷᠠᠵᠤ ᠥᠭᠭᠦᠨ᠎ᠡ︾ ᠭᠡᠵᠦ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦᠬᠦ ᠬᠤᠷᠢᠶᠠᠨ ᠤ ᠳᠡᠳ᠋ ᠡᠷᠬᠢᠯᠡᠭᠴᠢ ᠴᠢ ᠬᠤᠸᠠᠷ ᠬᠡᠯᠡᠵᠡᠶ᠃
     ᠪᠠᠶᠢᠴᠠᠭᠠᠬᠤ ᠳᠤᠭᠤᠶᠢᠯᠠᠩ ᠠᠴᠠ᠂ ᠯᠠᠯᠤ ᠶᠢᠨ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ  ᠨᠦᠭᠦᠳ ᠤᠯᠤᠰ ᠤᠨ ᠦᠨᠳᠦᠰᠦᠲᠡᠨ ᠱᠠᠰᠢᠨ ᠰᠤᠷᠲᠠᠬᠤᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠴᠢᠩᠭ᠎ᠠ ᠲᠤᠤᠱᠯᠠᠭᠤᠯᠤᠨ ᠬᠡᠷᠡᠭᠵᠢᠭᠦᠯᠵᠦ᠂ ᠴᠠᠬᠢᠯᠭᠠᠨ ᠬᠡᠷᠡᠭᠯᠡᠬᠦ ᠬᠡᠶ ᠬᠡᠷᠡᠭᠯᠡᠬᠦ᠂ ᠭᠠᠯ ᠤᠨᠲᠠᠷᠠᠭᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠢᠳᠡᠭᠡᠨ ᠤ ᠪᠣᠭᠤᠳᠠᠯ ᠤᠨ ︽ᠯᠠᠯᠤ ᠶᠢᠨ ᠢᠳᠡᠭᠡᠨ︾ ᠤ ᠲᠡᠮᠳᠡᠭ ᠤᠨ ᠬᠡᠷᠡᠭᠯᠡᠯᠲᠡ ᠶᠢ ᠵᠢᠷᠤᠮᠵᠢᠭᠤᠯᠵᠤ᠂ ᠪᠥᠬᠦ ᠰᠢᠶᠠᠨ ᠤ ᠯᠠᠯᠤ ᠶᠢᠨ ᠢᠳᠡᠭᠡᠨ ᠤ ᠵᠠᠬ᠎ᠠ ᠳᠡᠯᠭᠡᠭᠦᠷ ᠤᠨ ᠠᠮᠤᠷ ᠲᠦᠪᠰᠢᠨ᠂ ᠡᠮᠬᠢ ᠵᠢᠷᠤᠮ ᠲᠠᠢ ᠬᠥᠭᠵᠢᠯᠲᠡ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1