ᠮᠠᠨ ᠤ ᠰᠢᠶᠠᠨ ᠬᠡᠰᠡᠭ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠢ ᠵᠣᠬᠢᠶᠠᠨ ᠪᠠᠶᠢᠭᠤᠯᠵᠤ ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠶᠢᠨ ᠠᠵᠢᠯ ᠢ ᠲᠣᠭᠤᠷᠢᠨ ᠦᠵᠡᠭᠦᠯᠪᠡ
ᠨᠡᠶᠢᠲᠡᠯᠡᠭᠰᠡᠨ ᠴᠠᠭ᠄
2021/9/12
      9 ᠳ᠋ᠤᠭᠡᠷ ᠰᠠᠷ᠎ᠠ ᠶᠢᠨ 9 ᠤ ᠡᠳᠦᠷ᠂ ᠮᠠᠨ ᠤ ᠰᠢᠶᠠᠨ ᠤ ᠬᠡᠰᠡᠭ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠢ ᠵᠣᠬᠢᠶᠠᠨ ᠪᠠᠶᠢᠭᠤᠯᠵᠤ ᠮᠠᠨ ᠤ ᠰᠢᠶᠠᠨ ᠤ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ ᠠᠵᠢᠯ ᠤᠨ ᠲᠤᠬᠠᠶ ᠲᠣᠭᠤᠷᠢᠨ ᠦᠵᠡᠭᠦᠯᠪᠡ᠃
     ᠦᠵᠡᠭᠦᠯᠦᠯᠭᠡ ᠶᠢᠨ ᠳᠤᠭᠤᠶᠢᠯᠠᠩ ᠤᠨ ᠬᠢᠨ ᠨᠠᠪᠴᠢᠨ ᠲᠠᠮᠠᠬᠢ ᠶᠢᠨ ᠺᠣᠮᠫᠠᠨᠢ ᠶᠢᠨ ᠠᠰᠠᠷ᠂ ᠶᠢᠨ ᠾᠧ ᠺᠣᠮᠫᠠᠨᠢ ᠶᠢᠨ ᠬᠠᠭᠤᠴᠢᠨ ᠠᠰᠠᠷ᠂ ᠵᠠᠮ ᠬᠠᠷᠢᠯᠴᠠᠭᠠᠨ ᠤ ᠲᠣᠪᠴᠢᠶ᠎ᠠ᠂ ᠲᠡᠭᠡᠭᠡᠪᠦᠷᠢ ᠶᠢᠨ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ ᠶᠢᠨ ᠠᠰᠠᠷ ᠢ ᠥᠭᠡᠷᠡᠴᠢᠯᠡᠨ ᠪᠠᠶᠢᠭᠤᠯᠬᠤ ᠲᠥᠷᠥᠯ  ᠵᠦᠢᠯ ᠢ ᠤᠷᠢᠳ ᠬᠤᠵᠢᠳ ᠲᠤᠬᠠᠶ ᠶᠢᠨ ᠲᠠᠯᠠᠪᠤᠷ ᠲᠤ ᠲᠣᠭᠤᠷᠢᠨ ᠦᠵᠡᠭᠰᠡᠨ ᠪᠥᠭᠡᠳ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠤ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠤᠨ ᠪᠠᠶᠢᠳᠠᠯ ᠤᠨ ᠲᠤᠬᠠᠶ ᠲᠠᠨᠢᠯᠴᠠᠭᠤᠯᠭ᠎ᠠ ᠶᠢ ᠰᠣᠨᠣᠰᠪᠠ᠃
     ᠣᠶᠢᠯᠠᠭᠠᠭᠰᠠᠨ ᠢᠶᠠᠷ᠂ ᠮᠠᠨ ᠤ ᠰᠢᠶᠠᠨ 2021 ᠣᠨ ᠠᠴᠠ 2023 ᠣᠨ ᠪᠣᠯᠲᠠᠯ᠎ᠠ ᠨᠡᠶᠢᠲᠡ 63 ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠵᠤ᠂ 3470 ᠡᠷᠦᠬᠡ ᠶᠢ ᠥᠭᠡᠷᠡᠴᠢᠯᠡᠨ ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠃ ᠡᠨᠡ ᠵᠢᠯ 22 ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠵᠤ᠂ ᠨᠡᠶᠢᠲᠡ 1012 ᠡᠷᠦᠬᠡ ᠶᠢᠨ 35 ᠠᠰᠠᠷ ᠲᠤ ᠬᠤᠯᠪᠣᠭᠳᠠᠵᠤ᠂ 2929.65 ᠲᠦᠮᠡᠨ ᠲᠥᠭᠦᠷᠢᠭ ᠤᠨ ᠪᠥᠬᠦ ᠪᠠᠯᠠ ᠣᠷᠣᠭᠤᠯᠤᠯᠲᠠ ᠶᠢ ᠥᠭᠡᠷᠡᠴᠢᠯᠡᠨ ᠪᠠᠶᠢᠭᠤᠯᠵᠤ᠂ ᠣᠳᠣᠬᠠᠨ ᠳᠤ ᠦᠨᠳᠦᠰᠦᠨ ᠳᠡᠭᠡᠨ ᠪᠦᠬᠦᠨ ᠢ ᠪᠠᠷᠢᠵᠤ ᠳᠠᠭᠤᠰᠬᠠᠪᠠ᠃
     ᠦᠵᠡᠭᠦᠯᠦᠯᠭᠡ ᠶᠢᠨ ᠳᠤᠭᠤᠶᠢᠯᠠᠩ ᠤᠨ ᠬᠢᠨ ᠮᠠᠨ ᠤ ᠰᠢᠶᠠᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠢ ᠠᠬᠢᠭᠤᠯᠤᠭᠰᠠᠨ ᠪᠠᠶᠢᠳᠠᠯ ᠢ ᠭᠦᠢᠴᠡᠳ ᠨᠤᠲᠠᠯᠠᠪᠠ᠃ ᠤᠯᠠᠨ ᠢᠶᠠᠷ ᠢᠶᠠᠨ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠬᠤ ᠪᠣᠯ ᠬᠤᠳᠠ ᠶᠢᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠬᠤᠳᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠤᠨ᠎ᠠ ᠭᠡᠵᠦ ᠰᠠᠨᠠᠯ ᠨᠢᠭᠡᠲᠡᠢ ᠦᠵᠡᠪᠡ᠃ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠦᠷᠭᠦᠯᠵᠢᠯᠡᠨ ᠤᠯᠠᠨ ᠲᠦᠮᠡᠨ ᠤ ᠬᠠᠨᠤᠮᠵᠢᠲᠠᠢ ᠪᠠᠶᠢᠬᠤ ᠪᠠᠷ ᠤᠳᠤᠷᠢᠳᠤᠮᠵᠢ ᠪᠣᠯᠭᠠᠵᠤ᠂ ᠠᠷᠠᠳ ᠤᠨ ᠰᠠᠨᠠᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠤᠯᠠᠨ ᠲᠦᠮᠡᠨ ᠤ ᠲᠤᠰᠬᠠᠭᠰᠠᠨ ᠪᠣᠳᠠᠲᠠᠢ ᠠᠰᠠᠭᠤᠳᠠᠯ ᠢ ᠦᠨᠡᠨᠬᠦ ᠰᠤᠳᠤᠯᠤᠨ ᠰᠢᠢᠳᠪᠦᠷᠢᠯᠡᠵᠦ᠂ ᠢᠳᠡᠪᠬᠢᠲᠡᠢ ᠪᠠᠷ ᠬᠠᠶᠢᠨ ᠰᠦᠪᠡᠭᠴᠢᠯᠡᠵᠦ ᠰᠢᠨ᠎ᠡ ᠶᠢ ᠡᠭᠦᠳᠴᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠵᠤ᠂ ᠠᠯᠤᠰ ᠬᠡᠳᠤ ᠶᠢᠨ ᠪᠣᠳᠣᠯᠬᠢᠯᠠᠯ ᠢ ᠨᠢᠭᠡᠳᠦᠯᠲᠡᠢ ᠲᠥᠯᠥᠪᠵᠢᠭᠦᠯᠵᠦ᠂ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠤᠨ ᠢᠳᠡᠪᠬᠢᠵᠢᠯ ᠢ ᠭᠦᠢᠴᠡᠳ ᠪᠠᠳᠠᠷᠠᠭᠤᠯᠵᠤ᠂ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢᠨ ᠬᠠᠮᠢᠶᠠᠷᠤᠯᠲᠠ ᠶᠢᠨ ᠠᠵᠢᠯ ᠳᠤ ᠬᠠᠮᠲᠤᠪᠠᠷ ᠣᠷᠣᠯᠴᠠᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠰᠢᠶᠠᠨ ᠤ ᠤᠳᠤᠷᠢᠳᠤᠯᠭ᠎ᠠ ᠰᠦᠨ ᠬᠠᠢ ᠱᠧᠩ᠂ ᠭᠤᠤ ᠬᠠᠨ᠂ ᠹᠠᠨ ᠷᠦᠢ ᠫᠢᠩ᠂ ᠯᠢ ᡁᠢ ᠫᠢᠩ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1