ᠬᠤᠲᠠ ᠶᠢᠨ ᠤᠳᠤᠷᠢᠳᠤᠯᠭ᠎ᠠ ᠮᠠᠨ ᠤ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/9/13
     9 ᠳ᠋ᠤᠭᠡᠷ ᠰᠠᠷ᠎ᠠ ᠶᠢᠨ 10 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠼᠤᠤ ᠰᠧ ᠶᠠᠩ᠂ ᠬᠤᠳᠠ ᠶᠢᠨ ᠳᠡᠳ᠋ ᠳᠠᠷᠤᠭ᠎ᠠ ᠰᠢᠤᠢ ᠱᠸᠦ ᠵᠢᠢ᠂ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ ᠤ ᠪᠠᠷ᠎ᠠ ᠪᠤᠯᠤᠯᠭ᠎ᠠ ᠲᠠᠢ ᠪᠠᠷ᠂ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ᠂ ᠰᠢᠨ᠎ᠡ ᠬᠤᠳᠠ ᠲᠣᠭᠤᠷᠢᠭ ᠲᠤ ᠬᠦᠷᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠡᠢ᠃      ᠼᠤᠤ ᠰᠧ ᠶᠠᠩ ᠨᠠᠷ ᠤᠷᠢᠳ ᠬᠤᠵᠢᠳ ᠲᠦᠮᠡᠳ ᠵᠡᠭᠦᠨ ᠬᠤᠰᠢᠭᠤᠨ ᠤ ᠪᠢᠴᠢᠭᠡᠴᠢ ᠪᠠᠯᠭᠠᠰᠤᠨ ᠤ ᠶᠠᠩ ᠵᠢᠶᠠ ᠪᠦᠦ ᠶᠢᠨ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠬᠤ ᠠᠵᠢᠯ ᠪᠣᠯᠤᠨ ᠲᠦᠮᠡᠳ ᠵᠡᠭᠦᠨ ᠬᠤᠰᠢᠭᠤᠨ ᠤ ᠪᠢᠴᠢᠭᠡᠴᠢ ᠪᠠᠯᠭᠠᠰᠤᠨ ᠤ ᠺᠠ ᠲᠠᠶᠢᠵᠢ ᠲᠣᠰᠬᠤᠨ ᠤ ᠠᠯᠲᠠᠨ ᠲᠥᠬᠦᠭᠡᠷᠦᠮᠵᠢ ᠶᠢᠨ ᠵᠢᠮᠢᠰ ᠢᠳᠡᠰᠢᠨ ᠨᠣᠭᠤᠭ᠎ᠠ ᠶᠢᠨ ᠰᠠᠭᠤᠷᠢᠨ ᠭᠠᠵᠠᠷ᠂ ᠲᠦᠮᠡᠳ ᠵᠡᠭᠦᠨ ᠬᠤᠰᠢᠭᠤᠨ ᠤ  ᠪᠢᠴᠢᠭᠡᠴᠢ ᠪᠠᠯᠭᠠᠰᠤᠨ ᠤ ᠰᠢᠶᠤᠤ ᠯᠢ ᠪᠦᠦ ᠰᠠᠭᠠᠯᠢ ᠶᠢᠨ ᠦᠨᠢᠶ᠎ᠡ ᠶᠢᠨ ᠮᠠᠯᠵᠢᠯ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ᠂ ᠲᠣᠭᠲᠠᠬᠤ ᠰᠢᠶᠠᠨ ᠤ ᠬᠤᠤ ᠵᠢᠶᠠ ᠶᠣᠣ ᠲᠣᠰᠬᠤᠨ ᠤ ᠨᠠᠮ ᠤᠨ ᠪᠠᠶᠢᠭᠤᠯᠤᠯᠲᠠ ᠪᠠᠷ ᠵᠤᠭᠠᠴᠠᠯ ᠤᠨ ᠦᠢᠯᠡᠰ ᠤᠨ ᠬᠥᠭᠵᠢᠯᠲᠡ ᠶᠢ ᠬᠦᠳᠦᠯᠦᠨ ᠳᠠᠭᠠᠭᠤᠯᠬᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠪᠠᠶᠢᠳᠠᠯ ᠪᠣᠯᠤᠨ ᠡᠯᠪᠡᠭ ᠬᠤᠷᠢᠶᠠᠯᠲᠠ ᠶᠢᠨ ᠪᠠᠶᠠᠷ ᠢ ᠪᠡᠯᠭᠡᠯᠡᠬᠦ ᠠᠵᠢᠯᠯᠠᠭ᠎ᠠ ᠳᠤ ᠪᠡᠯᠡᠳᠬᠡᠭᠰᠡᠨ ᠪᠠᠶᠢᠳᠠᠯ᠂ ᠬᠥᠬᠡᠬᠤᠲᠠ ᠶᠢᠨ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠬᠦᠷᠢᠶᠡᠯᠡᠩ᠂ ᠰᠢᠨ᠎ᠡ ᠬᠤᠳᠠ ᠲᠣᠭᠤᠷᠢᠭ ᠤᠨ  ᠵᠠᠯᠠᠨ ᠪᠠᠶᠢᠰᠢᠩ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠤᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃      ᠼᠤᠤ ᠰᠧ ᠶᠠᠩ ᠨᠠᠷ ᠲᠠᠷᠢᠶᠠᠨ ᠭᠠᠵᠠᠷ᠂ ᠢᠳᠡᠰᠢᠨ ᠨᠣᠭᠤᠭ᠎ᠠ ᠶᠢᠨ ᠬᠦᠯᠡᠮᠵᠢ᠂ ᠪᠠᠷᠢᠯᠭ᠎ᠠ ᠶᠢᠨ ᠭᠠᠵᠠᠷ᠂ ᠲᠣᠰᠬᠤᠨ ᠤ ᠵᠥᠷᠢᠭ ᠵᠠᠮ ᠢᠶᠠᠷ ᠭᠦᠨᠵᠡᠭᠡᠶᠢᠷᠡᠵᠦ᠂ ᠬᠤᠯᠪᠣᠭᠳᠠᠯ ᠪᠦᠬᠦᠢ ᠪᠠᠶᠢᠳᠠᠯ ᠢ ᠪᠣᠳᠠᠲᠠᠢ ᠭᠠᠵᠠᠷ ᠲᠤᠨᠢ ᠤᠢᠢᠯᠠᠭᠠᠭᠰᠠᠨ ᠪᠥᠭᠡᠳ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠼᠤᠤ ᠰᠧ ᠶᠠᠩ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠠᠵᠢᠯ ᠢ ᠡᠷᠡᠰ ᠰᠠᠶᠢᠲᠤᠷ ᠠᠳᠬᠤᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷᠴᠤᠳ ᠤᠨ ᠬᠤᠰᠢᠭᠤᠴᠢ ᠵᠢᠱᠢᠶᠡᠴᠢ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠨᠠᠮ ᠤᠨ ᠪᠠᠶᠢᠭᠤᠯᠤᠯᠲᠠ ᠶᠢᠨ ᠬᠦᠳᠦᠯᠦᠨ ᠳᠠᠭᠠᠭᠤᠯᠬᠤ ᠳᠠᠪᠠᠭᠤᠯᠢᠭ ᠢ ᠨᠡᠩ ᠰᠠᠶᠢᠲᠤᠷ ᠪᠠᠳᠠᠷᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠶᠡᠬᠡᠪᠡᠷ ᠲᠦᠯᠬᠢᠨ ᠠᠬᠢᠭᠤᠯᠵᠤ᠂ ᠠᠵᠤ ᠦᠢᠯᠡᠰ ᠤᠨ ᠬᠡᠪᠴᠢᠶ᠎ᠡ ᠪᠠ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠶ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠦ᠂ ᠠᠮᠤ ᠪᠤᠳᠠᠭᠠᠨ ᠤ ᠤᠨᠠᠯᠲᠠ ᠶᠢ ᠳᠡᠭᠡᠭᠰᠢᠯᠡᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠦᠪᠰᠢᠨ ᠪᠣᠯᠤᠨ ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠦᠪᠰᠢᠨ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ᠂ ᠠᠮᠢᠳᠤᠷᠠᠯ ᠤᠨ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠮᠲᠤᠪᠠᠷ ᠠᠳᠬᠤᠨ ᠬᠠᠮᠲᠤᠪᠠᠷ ᠬᠠᠮᠢᠶᠠᠷᠴᠤ᠂ ᠡᠯ᠎ᠡ ᠵᠦᠢᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ᠥᠷᠭᠡᠨ ᠤᠯᠠᠨ ᠲᠠᠷᠢᠶᠠᠴᠢᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠰᠢᠶᠠᠨ ᠤ ᠤᠳᠤᠷᠢᠳᠤᠯᠭ᠎ᠠ ᠰᠦᠨ ᠬᠠᠢ ᠱᠧᠩ᠂ ᠦ᠋ ᠹᠦ᠋ ᠵᠦᠩ᠂ ᠰᠢᠶᠧ ᠴᠦᠨ ᠯᠦᠩ ᠨᠠᠷ ᠲᠤᠭᠳᠠᠬᠤ ᠰᠢᠶᠠᠨ ᠤ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1