ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠲᠠᠬᠤ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠭᠡᠰᠢᠭᠦᠳ ᠤᠨ ᠪᠠᠶᠢᠩᠭᠤ ᠶᠢᠨ ᠬᠤᠷᠢᠶ᠎ᠠ ᠶᠢᠨ ᠳᠣᠯᠣᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/9/13
      9 ᠳ᠋ᠤᠭᠡᠷ ᠰᠠᠷ᠎ᠠ ᠶᠢᠨ 10 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠯᠢ ᠴᠦᠨ ᠶᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠲᠠᠬᠤ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠭᠡᠰᠢᠭᠦᠳ ᠤᠨ ᠪᠠᠶᠢᠩᠭᠤ ᠶᠢᠨ ᠬᠤᠷᠢᠶ᠎ᠠ ᠶᠢᠨ ᠳᠣᠯᠣᠳᠤᠭᠠᠷ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ᠃
       ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠶᠢᠨ ᠠᠩᠭᠢ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ᠲᠣᠭᠲᠠᠬᠤ ᠰᠢᠶᠠᠨ ᠤ ᠰᠢᠶᠠᠨ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠲᠥᠰᠦᠯ︾᠂ ᠲᠣᠭᠲᠠᠬᠤ ᠰᠢᠶᠠᠨ ᠤ ᠰᠢᠨ᠎ᠡ ᠴᠠᠭ ᠦᠶ᠎ᠡ ᠶᠢᠨ ᠴᠡᠷᠢᠭ ᠠᠴᠠ ᠬᠠᠯᠠᠭᠳᠠᠭᠰᠠᠳ ᠤᠨ ᠠᠵᠢᠯ ᠢ ᠰᠠᠶᠢᠲᠤᠷ ᠬᠢᠬᠦ ᠡᠯ᠎ᠡ ᠬᠡᠷᠡᠭᠵᠢᠭᠦᠯᠬᠦ ᠲᠥᠰᠦᠯ ᠢ ᠰᠤᠳᠤᠯᠤᠨ ᠶᠠᠷᠢᠯᠴᠠᠪᠠ︔ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠭᠤᠤᠯᠳᠠᠯᠭ᠎ᠠ ᠲᠠᠢ ᠬᠥᠳᠡᠭᠡ ᠲᠣᠰᠬᠤᠨ ᠳᠤ ᠲᠣᠰᠬᠤᠨ ᠤ ᠨᠢᠭᠡᠳᠦᠭᠡᠷ ᠱᠦᠵᠢ ᠪᠣᠯᠤᠨ ᠠᠵᠢᠯᠯᠠᠬᠤ ᠠᠩᠭᠢ ᠶᠢ ᠦᠷᠭᠦᠯᠵᠢᠯᠡᠨ ᠰᠣᠩᠭᠤᠨ ᠰᠠᠭᠤᠯᠭᠠᠬᠤ ᠲᠤᠬᠠᠶ ᠰᠠᠨᠠᠯ︾ ᠤᠨ ᠵᠣᠷᠢᠭ ᠰᠠᠨᠠᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ 8 ᠳ᠋ᠤᠭᠠᠷ ᠰᠠᠷ᠎ᠠ ᠶᠢᠨ 31 ᠤ ᠡᠳᠦᠷ ᠤᠨ ᠬᠤᠷᠠᠯ ᠤᠨ ᠵᠣᠷᠢᠭ ᠰᠠᠨᠠᠭ᠎ᠠ᠂ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠢᠨ ᠨᠢᠭᠡᠳᠦᠭᠡᠷ ᠬᠤᠷᠠᠯ ᠤᠨ ᠵᠣᠷᠢᠭ ᠰᠠᠨᠠᠭ᠎ᠠ᠂ ᠨᠠᠢᠮᠠᠳᠤᠭᠠᠷ ᠤᠳᠠᠭᠠᠨ ᠤ ᠪᠥᠬᠦ ᠤᠯᠤᠰ ᠤᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠰᠢᠨᠵᠢᠶᠠᠩ ᠢ ᠳᠡᠮᠵᠢᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠱᠢ ᠲᠠᠢ ᠹᠧᠩ ᠨᠥᠬᠦᠷ ᠤᠨ 8 ᠳ᠋ᠤᠭᠠᠷ ᠰᠠᠷ᠎ᠠ ᠶᠢᠨ 30 ᠤ ᠡᠳᠦᠷ ᠠᠴᠠ 9 ᠳ᠋ᠤᠭᠡᠷ ᠰᠠᠷ᠎ᠠ ᠶᠢᠨ 1 ᠤ ᠡᠳᠦᠷ ᠪᠣᠯᠲᠠᠯ᠎ᠠ ᠲᠦᠩᠯᠢᠶᠣᠤ ᠬᠤᠲᠠ ᠪᠠ ᠤᠯᠠᠭᠠᠨᠬᠠᠳᠠ ᠬᠤᠲᠠ ᠳᠤ ᠪᠠᠶᠢᠴᠠᠭᠠᠨ ᠰᠤᠳᠤᠯᠤᠯᠳᠠ ᠬᠢᠭᠰᠡᠨ᠂ 9 ᠳ᠋ᠤᠭᠡᠷ ᠰᠠᠷ᠎ᠠ ᠶᠢᠨ 7 ᠤ ᠡᠳᠦᠷ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠪᠠ ᠵᠠᠰᠠᠭ ᠤᠨ ᠶᠠᠪᠤᠳᠠᠯ ‍ᠤᠨ‌ᠦᠢᠯᠡᠴᠢᠯᠡᠭᠡᠨ ᠤ ᠲᠣᠪᠴᠢᠶ᠎ᠠ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ᠲᠣᠭᠲᠠᠬᠤ ᠰᠢᠶᠠᠨ ᠤ ᠶᠡᠷᠦᠩᠬᠡᠶᠢᠯᠡᠭᠰᠡᠨ ᠡᠮ ᠡᠮᠨᠡᠯᠭᠡ ᠶᠢᠨ ᠥᠭᠡᠷᠡᠴᠢᠯᠡᠯᠲᠡ ᠶᠢᠨ ᠠᠵᠢᠯ ᠤᠨ ᠬᠡᠷᠡᠭᠵᠢᠭᠦᠯᠬᠦ ᠲᠥᠰᠦᠯ ︵ᠲᠤᠷᠰᠢᠨ ᠬᠡᠷᠡᠭᠵᠢᠭᠦᠯᠬᠦ︶︾ ᠢ ᠰᠤᠳᠤᠯᠤᠨ ᠶᠠᠷᠢᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠭᠡᠰᠢᠭᠦᠨ ᠤᠳᠤᠷᠢᠳᠬᠤ ᠺᠠᠳ᠋ᠷ ᠢᠯᠠᠩᠭᠤᠶ᠎ᠠ ᠵᠠᠯᠠᠭᠤ ᠺᠠᠳ᠋ᠷᠴᠤᠳ ᠤᠨ ᠴᠢᠳᠠᠪᠤᠷᠢ ᠶᠢᠨ ᠪᠠᠶᠢᠭᠤᠯᠤᠯᠲᠠ ᠶᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠵᠠᠯᠠᠭᠤ ᠺᠠᠳ᠋ᠷᠴᠤᠳ ᠲᠤ ᠲᠠᠯᠪᠢᠭᠰᠠᠨ 48 ᠦᠰᠦᠭ ᠤᠨ ᠴᠢᠬᠤᠯᠠ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠺᠠᠳ᠋ᠷ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠪᠣᠯᠪᠠᠰᠤᠷᠠᠭᠤᠯᠵᠤ᠂ ᠬᠥᠮᠦᠨ ᠰᠣᠩᠭᠤᠵᠤ ᠬᠥᠮᠦᠨ ᠬᠡᠷᠡᠭᠯᠡᠬᠦ ᠵᠥᠪ ᠤᠳᠤᠷᠢᠳᠤᠮᠵᠢ ᠶᠢ ᠪᠤᠢ ᠪᠣᠯᠭᠠᠵᠤ᠂ ᠪᠦᠬᠦ ᠰᠢᠶᠠᠨ ᠤ ᠥᠷᠭᠡᠨ ᠤᠯᠠᠨ ᠺᠠᠳ᠋ᠷ ᠢᠯᠠᠩᠭᠤᠶ᠎ᠠ ᠵᠠᠯᠠᠭᠤ ᠺᠠᠳ᠋ᠷᠴᠤᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠤᠯᠤᠰ ᠲᠦᠷᠦ ᠶᠢᠨ ᠬᠡᠪ ᠰᠤᠷᠲᠠᠯ ᠢ ᠨᠢ ᠳᠠᠪᠲᠠᠨ ᠪᠣᠯᠪᠠᠰᠤᠷᠠᠭᠤᠯᠵᠤ᠂ ᠴᠠᠭᠠᠷᠠᠭᠰᠠᠨ ᠴᠢᠳᠠᠪᠤᠷᠢ ᠶᠢ ᠨᠢ ᠳᠠᠪᠲᠠᠨ ᠪᠣᠯᠪᠠᠰᠤᠷᠠᠭᠤᠯᠵᠤ᠂ ᠶᠡᠭᠡ ᠦᠢᠯᠡᠳᠦᠯ ᠲᠠᠢ ᠪᠥᠭᠡᠳ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠲᠤᠯᠭᠠᠭᠤᠷᠢ ᠬᠦᠴᠦᠨ ᠪᠣᠯᠬᠤ ᠪᠠᠷ ᠴᠢᠷᠮᠠᠶᠢᠵᠤ᠂ ᠨᠠᠮ ᠪᠠ ᠠᠷᠠᠳ ᠲᠦᠮᠡᠨ ᠤ ᠬᠦᠰᠡᠯ ᠡᠷᠡᠮᠡᠯᠵᠡᠯ ᠪᠠ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠣᠯᠭᠠᠬᠤ ᠬᠡᠷᠡᠭᠲᠡᠢ ᠭᠡᠪᠡ᠃      ᠬᠤᠷᠠᠯ ᠠᠴᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠪᠣᠯᠤᠨ ᠰᠢᠶᠠᠨ ᠤ ᠨᠠᠮ ᠤᠨ ᠬᠤᠷᠢᠶ᠎ᠠ ᠶᠢᠨ ᠬᠤᠭᠤᠴᠠᠭ᠎ᠠ ᠰᠣᠯᠢᠬᠤ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠤᠭᠤᠴᠠᠭ᠎ᠠ ᠰᠣᠯᠢᠬᠤ ᠲᠦᠷᠦ ᠶᠢᠨ ᠪᠤᠳᠤᠯᠭ᠎ᠠ ᠶᠢ ᠣᠨᠣᠪᠴᠢᠲᠠᠢ ᠡᠵᠡᠮᠳᠡᠵᠦ᠂ ᠰᠢᠶᠠᠨ ᠪᠠᠯᠭᠠᠰᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠠᠴᠠ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠰᠢᠶᠠᠨ ᠪᠠᠯᠭᠠᠰᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠴᠡᠷᠢᠭ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠦᠷᠦ᠂ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ᠂ ᠠᠵᠢᠯ ᠣᠯᠵᠤ ᠦᠢᠯᠡᠰ ᠪᠤᠰᠬᠠᠬᠤ᠂ ᠦᠢᠯᠡᠴᠢᠯᠡᠭᠡᠨ ᠤ ᠪᠠᠲᠤᠯᠠᠭ᠎ᠠ᠂ ᠰᠤᠷᠭᠠᠨ ᠬᠥᠮᠦᠵᠢᠯ ᠤᠨ ᠬᠠᠮᠢᠶᠠᠷᠤᠯᠲᠠ᠂ ᠡᠷᠬᠡ ᠠᠰᠢᠭ ᠤᠨ ᠬᠠᠮᠠᠭᠠᠯᠠᠯᠲᠠ᠂ ᠴᠡᠷᠢᠭ ᠢᠶᠠᠨ ᠬᠦᠷᠢᠶᠡᠯᠡᠨ ᠠᠰᠠᠷᠠᠨ ᠬᠠᠷᠠᠭᠠᠯᠵᠠᠬᠤ᠂ ᠮᠠᠭᠲᠠᠨ ᠰᠠᠶᠢᠰᠢᠶᠠᠵᠤ ᠳᠤᠷᠠᠰᠬᠠᠬᠤ ᠵᠡᠷᠭᠡ ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ ᠬᠢᠵᠦ᠂ ᠮᠠᠨ ᠤ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠪᠠᠲᠤᠯᠠᠭ᠎ᠠ ᠪᠣᠯᠤᠨ ᠦᠢᠯᠡᠴᠢᠯᠡᠭᠡᠨ ᠤ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠴᠡᠷᠢᠭ ᠢ ᠪᠦᠬᠦ ᠨᠡᠶᠢᠭᠡᠮ ᠢᠶᠠᠷ ᠢᠶᠠᠨ ᠬᠦᠨᠳᠦᠳᠬᠡᠬᠦ ᠲᠤᠬᠠᠶᠢᠯᠠᠭᠰᠠᠨ ᠠᠵᠢᠯ ᠪᠣᠯᠭᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ᠃ ᠨᠢᠭᠡᠳᠦᠭᠡᠷ ᠱᠦᠵᠢ ᠪᠣᠯᠤᠨ ᠠᠵᠢᠯᠯᠠᠬᠤ ᠠᠩᠬᠢ ᠶᠢ ᠳᠤᠬᠢᠷᠠᠭᠤᠯᠬᠤ ᠪᠠ ᠰᠣᠩᠭᠤᠨ ᠲᠣᠮᠢᠯᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠡᠳᠦᠷ ᠳᠤᠳᠤᠮ ᠤᠨ ᠬᠠᠮᠢᠶᠠᠷᠤᠯᠲᠠ ᠪᠣᠯᠤᠨ ᠬᠢᠨᠠᠨ ᠰᠢᠯᠭᠠᠯᠲᠠ ᠶᠢ ᠴᠢᠩᠭᠠᠳᠬᠠᠵᠤ᠂ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠰᠠᠶᠢᠲᠤᠷ ᠬᠢᠬᠦ ᠳᠤ ᠺᠠᠳ᠋ᠷ ᠴᠢᠳᠠᠪᠤᠷᠢᠲᠠᠨ ᠤ ᠳᠡᠮᠵᠢᠯᠭᠡ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠢ ᠬᠤᠷᠠᠯᠳᠤᠭᠤᠯᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠤᠨ ᠲᠡᠦᠬᠡ ᠶᠢᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠷᠢᠨ ᠨᠢᠮᠪᠠᠢ ᠲᠥᠯᠥᠪᠵᠢᠭᠦᠯᠵᠦ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠵᠦ ᠪᠣᠳᠠᠲᠠᠶᠢᠵᠢᠬᠤ ᠶᠢ ᠰᠡᠳᠬᠢᠯ ᠲᠠᠯᠪᠢᠨ ᠬᠦᠴᠦ ᠣᠷᠣᠭᠤᠯᠤᠨ ᠠᠬᠢᠭᠤᠯᠬᠤ ᠬᠡᠷᠡᠭᠲᠡᠢ᠃ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠡᠯ᠎ᠡ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠡᠳ᠋ ᠪᠣᠳᠠᠰ ᠨᠥᠭᠡᠴᠡᠯᠡᠬᠦ ᠪᠣᠳᠠᠲᠤ ᠬᠦᠴᠦᠨ ᠪᠠ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠦᠨᠡᠨᠴᠢ ᠪᠠᠷ ᠦᠢᠯᠡᠳᠦᠯᠭᠡᠵᠢᠭᠦᠯᠵᠦ᠂ ᠲᠤᠭ᠎ᠠ ᠪᠦᠷᠢᠳᠬᠡᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠪᠠ ᠲᠦᠷᠢᠮ ᠤᠨ ᠲᠦᠰᠢᠭ ᠲᠤᠯᠭᠠᠭᠤᠷᠢ ᠬᠠᠩᠭᠠᠬᠤ ᠬᠡᠷᠡᠭᠲᠡᠶ ᠭᠡᠵᠡᠢ᠃    ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠬᠠᠬᠤ ᠴᠢᠳᠠᠪᠤᠷᠢ᠂ ᠤᠯᠤᠰ ᠲᠥᠷᠥ ᠶᠢᠨ ᠭᠦᠢᠴᠡᠳᠬᠡᠬᠦ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠤᠯᠤᠰ ᠤᠨ ᠶᠡᠭᠡ ᠲᠠᠯ᠎ᠠ︾ ᠶᠢ ᠪᠣᠳᠣᠯᠬᠢᠯᠠᠨ᠂ ︽ᠬᠤᠶᠠᠷ ᠶᠡᠭᠡ ᠲᠠᠯ᠎ᠠ︾ ᠳᠤ ᠰᠠᠭᠤᠷᠢᠯᠠᠨ᠂ ᠨᠠᠢᠮᠠᠳᠤᠭᠠᠷ ᠤᠳᠠᠭᠠᠨ ᠤ ᠪᠦᠬᠦ ᠤᠯᠤᠰ ᠤᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠰᠢᠨᠵᠢᠶᠠᠩ ᠢ ᠳᠡᠮᠵᠢᠬᠦ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠪᠠᠷ ᠪᠠᠷᠢᠮᠵᠢᠶ᠎ᠠ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ︽ᠭᠤᠷᠪᠠᠨ ᠰᠠᠯᠵᠤ ᠴᠢᠳᠠᠬᠤ ᠦᠭᠡᠶ︾ ︽ᠲᠠᠪᠤᠨ ᠮᠡᠳᠡᠷᠡᠮᠵᠢ︾ ᠶᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠡᠳᠬᠢᠯ ᠳᠤ ᠭᠦᠨ ᠦᠨᠳᠦᠰᠦᠯᠡᠭᠦᠯᠬᠦ ᠶᠢ ᠠᠬᠢᠭᠤᠯᠬᠤ ᠬᠡᠷᠡᠭᠲᠡᠶ᠃ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠮᠠᠨ ᠤ ᠰᠢᠶᠠᠨ ᠤ ᠬᠥᠭᠵᠢᠯᠲᠡ ᠶᠢᠨ ᠬᠠᠷᠠᠯᠲᠠ ᠪᠣᠯᠤᠨ ᠴᠢᠳᠠᠪᠬᠢ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠠᠮᠢ ᠠᠬᠤᠢ ᠶᠢᠨ ᠬᠤᠷᠢᠭ᠎ᠠ ᠱᠤᠭᠤᠮ ᠪᠣᠯᠤᠨ ᠡᠨᠧᠷᠭᠢ ᠶᠢᠨ ᠬᠤᠷᠣᠭᠳᠠᠯ ᠤᠨ ︽ᠬᠤᠣᠰ ᠡᠵᠡᠮᠳᠡᠯ︾ ᠤᠨ ᠱᠠᠭᠠᠷᠳᠠᠯᠭ᠎ᠠ ᠶᠢ ᠴᠢᠩᠭ᠎ᠠ ᠰᠠᠬᠢᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠪᠦᠬᠦ ᠲᠠᠯ᠎ᠠ ᠪᠠᠷ ᠠᠬᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠭᠦᠶᠦᠬᠦ ᠮᠠᠶ᠋ᠢᠭ ᠤᠨ ᠬᠤᠳᠠᠯᠳᠤᠭᠠᠴᠢᠨ ᠤᠷᠢᠬᠤ ᠠᠵᠢᠯ ᠤᠨ ᠲᠠᠶᠢᠴᠢᠯᠠᠯᠳᠠ ᠶᠢᠨ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠴᠠᠭ ᠮᠥᠴᠡ ᠶᠢ ᠠᠯᠳᠠᠯ ᠦᠭᠡᠢ ᠪᠠᠷ ᠲᠦᠷᠦᠯ ᠵᠦᠢᠯ ᠢ ᠤᠷᠤᠯᠳᠤᠨ᠂ ᠪᠡᠯᠡ ᠮᠥᠩᠭᠦ ᠶᠢ ᠪᠤᠯᠢᠶᠠᠯᠳᠤᠵᠤ᠂ ᠬᠤᠳᠠᠯᠳᠤᠭᠠᠴᠢᠨ ᠤᠷᠢᠬᠤ ᠪᠠᠷ ᠮᠡᠷᠡᠶᠢᠨ ᠴᠢᠷᠮᠠᠶᠢᠵᠤ᠂ ᠲᠦᠷᠦᠯ ᠵᠦᠢᠯ ᠢ ᠠᠳᠬᠤᠵᠤ᠂ ᠨᠢᠭᠡ ᠪᠦᠯᠦᠭ ᠴᠢᠨᠠᠷ ᠰᠠᠶᠢᠲᠠᠢ ᠲᠦᠷᠦᠯ ᠵᠦᠢᠯ ᠢ ᠲᠦᠷᠭᠡᠨ ᠣᠷᠣᠭᠤᠯᠤᠨ ᠠᠪᠴᠢᠷᠠᠵᠤ᠂ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠢ ᠬᠤᠷᠠᠮᠳᠤᠭᠤᠯᠬᠤ ᠬᠡᠷᠡᠭᠲᠡᠢ᠃ ᠨᠢᠭᠲᠠ ᠬᠡᠯᠪᠡᠷᠢ ᠶᠢᠨ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠦᠬᠦ ᠰᠢᠶᠠᠨ ᠤ ᠡᠮ ᠡᠮᠨᠡᠯᠭᠡ ᠶᠢᠨ ᠡᠬᠢ ᠪᠠᠶᠠᠯᠢᠭ ᠤᠨ ᠲᠤᠬᠢᠷᠠᠭᠤᠯᠤᠯᠳᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠴᠢᠨᠠᠷ ᠰᠠᠶᠢᠲᠠᠶ ᠥᠨᠳᠥᠷ ᠪᠦᠲᠦᠮᠵᠢᠲᠡᠶ ᠡᠮ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠪᠦᠬᠦ ᠰᠢᠶᠠᠨ ᠤ ᠠᠷᠠᠳ ᠤᠯᠠᠨ ᠳᠤ ᠨᠡᠩ ᠠᠮᠤᠷ ᠲᠦᠪᠰᠢᠨ᠂ ᠪᠦᠲᠦᠮᠵᠢᠲᠡᠶ᠂ ᠳᠥᠭᠦᠮ ᠳᠥᠲᠡ᠂ ᠬᠢᠮᠳᠠ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠬᠤ ᠬᠡᠷᠡᠭᠲᠡᠶ ᠭᠡᠵᠡᠶ  ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠶᠠᠷᠢᠯᠴᠠᠪᠠ᠃      ᠰᠢᠶᠠᠨ ᠤ ᠤᠳᠤᠷᠢᠳᠤᠯᠭ᠎ᠠ ᠰᠦᠨ ᠰᠢᠶᠦ᠋ᠨ᠂ ᠶᠦᠨ ᠷᠦᠢ ᠵᠢᠶᠦ᠋ᠨ᠂ ᠰᠢᠶᠠᠨ ᠤ ᠨᠠᠮ ᠤᠨ ᠬᠤᠷᠢᠶ᠎ᠠ ᠶᠢᠨ ᠡᠯ᠎ᠡ ᠪᠠᠶᠢᠩᠭᠤ ᠶᠢᠨ ᠭᠡᠰᠢᠭᠦᠨ᠂ ᠰᠢᠶᠠᠨ ᠭᠠᠵᠠᠷ ᠤᠨ ᠲᠡᠰ ᠤᠨ ᠬᠠᠮᠢᠶ᠎ᠠ ᠪᠦᠬᠦᠢ ᠤᠳᠤᠷᠢᠳᠤᠯᠭ᠎ᠠ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠢ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1