ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2021 ᠣᠨ ᠤ 16 ᠳ᠋ᠤᠭᠠᠷ ᠤᠳᠠᠭ᠎ᠠ ᠶᠢᠨ ᠬᠤᠷᠠᠯ ᠵᠢᠴᠢ 11 ᠳ᠋ᠤᠭᠡᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠪᠣᠯᠤᠨ 2021 ᠣᠨ ᠤ 19 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/9/13
     9 ᠳ᠋ᠤᠭᠡᠷ ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠰᠢᠶᠠᠨ ᠤ ᠳᠠᠷᠤᠭ᠎ᠠ ᠭᠤᠤ ᠵᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2021 ᠣᠨ ᠤ 16 ᠳ᠋ᠤᠭᠠᠷ ᠤᠳᠠᠭ᠎ᠠ ᠶᠢᠨ ᠬᠤᠷᠠᠯ ᠵᠢᠴᠢ 11 ᠳ᠋ᠤᠭᠡᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠪᠣᠯᠤᠨ 2021 ᠣᠨ ᠤ 19 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃
     ᠬᠤᠷᠠᠯ ᠠᠴᠠ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠱᠢ ᠲᠠᠢ ᠹᠧᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠳ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ︔ ︽ᠰᠢ ᠶᠢᠨ ᠫᠢᠩ ᠠᠷᠠᠳ ᠤᠨ ᠪᠠᠭᠰᠢ ᠶᠢᠨ ᠲᠤᠬᠠᠶ ᠥᠭᠦᠯᠡᠭᠰᠡᠨ ᠨᠢ︾ ᠭᠡᠬᠦ ᠨᠣᠮ ᠢ ᠤᠯᠠᠮᠵᠢᠯᠠᠨ ᠰᠤᠷᠤᠯᠴᠠᠪᠠ᠃ ᠱᠢ ᠲᠠᠢ ᠹᠧᠩ ᠨᠥᠬᠦᠷ ᠤᠨ ᠲᠦᠩᠯᠢᠶᠣᠤ ᠬᠤᠳᠠ ᠪᠣᠯᠤᠨ ᠤᠯᠠᠭᠠᠨᠬᠠᠳᠠ ᠬᠤᠳᠠ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠪᠣᠯᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ᠳᠤ ᠪᠠᠶᠢᠴᠠᠭᠠᠨ ᠰᠤᠳᠤᠯᠤᠯᠲᠠ ᠬᠢᠵᠦ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2021 — 2025 ᠣᠨ︶︾ ᠶᠢ ᠪᠢᠴᠢᠭ ᠢᠶᠠᠷ ᠰᠤᠷᠤᠯᠴᠠᠪᠠ᠃ ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠪᠠ ᠳᠠᠷᠠᠭ᠎ᠠ ᠠᠯᠬᠤᠮ ᠤᠨ ᠳᠤᠯᠠᠭᠠᠯᠠᠭ᠎ᠠ ᠶᠢᠨ ᠨᠥᠬᠦᠪᠥᠷᠢ᠂ ᠯᠢ ᠰᠢᠩ ᠮᠠᠯᠵᠢᠯ ᠤᠨ ᠲᠠᠯᠠᠪᠠᠶ ᠶᠢᠨ ᠴᠠᠬᠢᠯᠭᠠᠨ ᠬᠠᠩᠭᠠᠬᠤ ᠢᠨᠵᠧᠨᠧᠷᠢᠩ ᠵᠡᠷᠭᠡ ᠬᠤᠯᠪᠣᠭᠳᠠᠯ ᠪᠥᠬᠦᠶ ᠵᠦᠢᠯᠡᠰ ᠢ ᠰᠤᠳᠤᠯᠤᠨ ᠶᠠᠷᠢᠯᠴᠠᠵᠤ᠂ ︽ᠳᠥᠷᠪᠡᠳᠦᠭᠡᠷ ᠬᠤᠭᠤᠴᠠᠭᠠᠨ ᠤ ︿ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ﹀ ᠤᠨ ᠲᠥᠰᠦᠯ︾ ︽ᠬᠤᠲᠠ ᠶᠢᠨ ᠱᠠᠲᠤᠨ ᠤ ᠵᠣᠯᠭᠠᠭᠤᠯᠬᠤ ᠪᠠᠯᠠ ᠮᠥᠩᠭᠦ ᠪᠠ ︿ᠱᠠᠩᠨᠠᠯ ᠢᠶᠠᠷ ᠨᠥᠬᠦᠪᠥᠷᠢ ᠶᠢ ᠣᠷᠣᠯᠠᠭᠤᠯᠬᠤ﹀ ᠪᠠᠯᠠ ᠮᠥᠩᠭᠦ ᠶᠢᠨ ᠬᠤᠪᠢᠶᠠᠷᠢᠯᠠᠯᠲᠠ ᠶᠢᠨ ᠲᠥᠰᠦᠯ︾ ᠪᠠ ︽ᠲᠣᠭᠲᠠᠬᠤ ᠰᠢᠶᠠᠨ ᠤ 2021 — 2022 ᠣᠨ ᠤ ᠡᠪᠦᠯ ᠬᠠᠪᠤᠷ ᠤᠨ ᠤᠯᠠᠷᠢᠯ ᠤᠨ ᠰᠢᠶᠠᠨ ᠤ ᠬᠤᠲᠠ ᠲᠣᠭᠤᠷᠢᠭ ᠤᠨ ᠳᠤᠯᠠᠭᠠᠯᠠᠭ᠎ᠠ ᠶᠢᠨ ᠦᠨ᠎ᠡ ᠶᠢᠨ ᠨᠥᠬᠦᠪᠥᠷᠢ ᠶᠢᠨ ᠲᠥᠰᠦᠯ︾ ᠢ ᠰᠤᠳᠤᠯᠤᠨ ᠵᠠᠷᠴᠢᠮ ᠳᠡᠭᠡᠷ᠎ᠡ ᠪᠠᠨ ᠪᠠᠲᠤᠯᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠪᠠᠯᠭᠠᠰᠤ᠂ ᠬᠠᠲᠤᠨ ᠭᠤᠣᠯ ᠤᠨ ᠨᠤᠭᠤ ᠭᠠᠵᠠᠷ ᠢ  ᠬᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ ᠂ ᠣᠨᠣᠪᠴᠢᠲᠠᠶ᠂ ᠪᠦᠬᠦ ᠲᠠᠯ᠎ᠠ ᠪᠠᠷ ᠣᠶᠢᠯᠠᠭᠠᠵᠤ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠱᠢ ᠲᠠᠢ ᠹᠧᠩ ᠱᠦᠵᠢ ᠶᠢᠨ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠶᠢ ᠨᠢᠭᠲᠠ ᠤᠶᠠᠯᠳᠤᠭᠤᠯᠵᠤ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠴᠢᠭᠯᠡᠯ ᠪᠣᠯᠤᠨ ᠭᠤᠣᠯᠳᠠᠯᠭ᠎ᠠ ᠶᠢ ᠪᠠᠲᠤ ᠡᠵᠡᠮᠳᠡᠵᠦ᠂ ᠲᠥᠪ ᠤᠨ ᠦᠨᠳᠦᠰᠦᠲᠡᠨ ᠤ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠪᠠ ᠦᠨᠳᠦᠰᠦᠲᠡᠨ ᠤ ᠲᠤᠬᠠᠶᠢᠯᠠᠭᠰᠠᠨ ᠠᠵᠢᠯ ᠢ ᠰᠠᠶᠢᠲᠤᠷ ᠬᠢᠬᠦ ᠶᠢ ᠠᠭᠤᠰᠤᠯᠴᠠᠭᠤᠯᠤᠨ ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠦᠨᠡᠨᠬᠦ ᠰᠠᠶᠢᠲᠤᠷ ᠬᠢᠵᠦ ᠨᠠᠷᠢᠯᠢᠭ ᠬᠢᠵᠦ ᠯᠠᠪᠳᠠᠭᠤᠨ ᠪᠠᠲᠤᠲᠠᠢ ᠬᠢᠬᠦ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠰᠤᠷᠭᠠᠨ ᠬᠥᠮᠦᠵᠢᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠤᠷᠭᠠᠨ ᠬᠥᠮᠦᠵᠢᠯ ᠤᠨ ᠠᠵᠢᠯ ᠢ ᠳᠡᠮᠵᠢᠬᠦ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠰᠤᠷᠭᠠᠨ ᠬᠥᠮᠦᠵᠢᠯ ᠤᠨ ᠶᠠᠰᠤ ᠴᠢᠨᠠᠷ ᠪᠣᠯᠤᠨ ᠰᠤᠷᠭᠠᠭᠤᠯᠢ ᠡᠷᠬᠢᠯᠡᠬᠦ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠥᠨᠳᠥᠷ ᠬᠡᠪ ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢ ᠪᠠᠶᠢᠭᠤᠯᠵᠤ᠂ ︽ᠲᠡᠩᠴᠡᠭᠦᠷᠢᠲᠡᠢ ᠲᠦᠭᠡᠮᠡᠯ ᠬᠠᠷᠠᠭᠠᠯᠵᠠᠯ ᠲᠠᠢ᠂ ᠴᠢᠨᠠᠷ ᠰᠠᠶᠢᠲᠠᠢ ᠣᠨᠴᠠᠯᠢᠭ ᠲᠠᠢ᠂ ᠨᠡᠭᠡᠭᠡᠯᠲᠡᠲᠡᠢ ᠤᠯᠠᠨ ᠡᠰᠢᠴᠢᠯᠡᠭᠰᠡᠨ᠂ ᠠᠷᠠᠳ ᠲᠦᠮᠡᠨ ᠬᠠᠨᠤᠮᠵᠢᠲᠠᠢ ᠪᠠᠶᠢᠬᠤ︾ ᠰᠤᠷᠭᠠᠨ ᠬᠥᠮᠦᠵᠢᠯ ᠤᠨ ᠬᠦᠴᠦᠷᠬᠡᠭ ᠰᠢᠶᠠᠨ ᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃          ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠪᠠᠴᠢᠮ ᠪᠠᠶᠢᠳᠠᠯ ᠢ ᠠᠷᠭᠠᠴᠠᠬᠤ᠂ ᠰᠢᠨ᠎ᠡ ᠪᠠᠶᠢᠳᠠᠯ ᠢ ᠨᠡᠭᠡᠭᠡᠬᠦ ᠶᠢᠨ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠭᠠᠵᠤ᠂ ᠪᠦᠬᠦ ᠰᠢᠶᠠᠨ ᠤ ᠠᠵᠢᠯ ᠤᠨ ᠴᠢᠬᠤᠯᠠ ᠪᠠᠶᠢᠷᠢᠨ ᠳᠤ ᠲᠠᠯᠪᠢᠵᠤ᠂ ᠴᠢᠩᠭ᠎ᠠ ᠠᠳᠬᠤᠨ ᠪᠣᠳᠠᠲᠠᠢ ᠠᠳᠬᠤᠵᠤ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠭᠤᠤᠯᠳᠠᠯᠭ᠎ᠠ ᠲᠠᠢ ᠲᠥᠷᠥᠯ ᠵᠦᠢᠯ ᠤᠨ ᠪᠥᠬᠦ ᠶᠠᠪᠤᠴᠠ ᠶᠢᠨ ᠠᠰᠠᠷᠠᠭᠴᠢ ᠮᠠᠶ᠋ᠢᠭ ᠤᠨ ᠲᠤᠰᠬᠠᠶ ᠲᠤᠰᠢᠶᠠᠯᠲᠠᠨ ᠤ ᠦᠢᠯᠡᠴᠢᠯᠡᠭᠡᠨ ᠤ ᠠᠵᠢᠯ ᠪᠠ ᠪᠥᠬᠦ ᠠᠷᠠᠳ ᠢᠶᠠᠷ ᠢᠶᠠᠨ ᠳᠠᠶᠢᠴᠢᠯᠠᠬᠤ ᠮᠠᠶ᠋ᠢᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠶᠡᠬᠡᠪᠡᠷ ᠳᠥᠯᠭᠢᠨ ᠠᠬᠢᠭᠤᠯᠵᠤ᠂ ︽ᠬᠤᠳᠠᠯᠳᠤᠭᠠᠴᠢᠨ ᠤᠷᠢᠬᠤ ᠶᠢ ᠠᠳᠬᠤᠵᠤ ᠪᠠᠯᠠ ᠣᠷᠣᠭᠤᠯᠤᠯᠲᠠ ᠶᠢ ᠠᠬᠢᠭᠤᠯᠬᠤ᠂ ᠲᠥᠷᠥᠯ ᠵᠦᠢᠯ ᠢ ᠠᠳᠬᠤᠵᠤ ᠬᠥᠭᠵᠢᠯᠲᠡ ᠶᠢ ᠠᠬᠢᠭᠤᠯᠬᠤ︾ ᠥᠳᠬᠡᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠵᠤ᠂ ᠠᠵᠤ ᠠᠬᠤᠶ ᠶᠢᠨ ᠦᠷᠭᠦᠯᠵᠢᠯᠡᠨ ᠰᠡᠷᠭᠦᠬᠦ ᠪᠠ ᠴᠢᠨᠠᠷ ᠰᠠᠶᠢᠲᠠᠶ ᠬᠥᠭᠵᠢᠬᠦ ᠶᠢ ᠳᠥᠯᠭᠢᠨ ᠠᠬᠢᠭᠤᠯᠬᠤ ᠬᠡᠷᠡᠭᠲᠡᠶ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠮᠤᠭ ᠤᠨ ᠶᠡᠭᠡ ᠬᠡᠮᠵᠢᠶ᠎ᠡ ᠪᠠᠷ ᠭᠤᠭᠴᠤᠭ᠎ᠠ ᠶᠢ ᠪᠠᠭᠠᠰᠬᠠᠵᠤ᠂ ᠶᠠᠪᠤᠴᠠ ᠶᠢ ᠰᠢᠯᠢᠳᠡᠭᠵᠢᠭᠦᠯᠵᠦ᠂ ᠴᠠᠭ ᠤᠨ ᠬᠢᠵᠠᠭᠠᠷ ᠢ ᠳᠠᠷᠤᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ︔ ︽ᠦᠢᠯᠡᠴᠢᠯᠡᠭᠡᠨ ᠤ ᠲᠤᠰᠬᠠᠢ ᠲᠤᠰᠢᠶᠠᠯᠲᠠᠨ︾ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠡᠨ ᠰᠡᠳᠬᠢᠯ ᠠᠴᠠ ᠪᠠᠨ ᠠᠵᠤ ᠠᠬᠤᠶᠢᠯᠠᠯ ᠤᠨ ᠤᠯᠠᠨ ᠲᠦᠮᠡᠨ ᠢ ᠦᠨᠡᠨᠬᠦ ᠰᠡᠳᠬᠢᠯ ᠬᠠᠨᠤᠮᠵᠢᠲᠠᠢ ᠪᠣᠯᠭᠠᠵᠤ᠂ ᠠᠵᠤ ᠠᠬᠤᠶᠢᠯᠠᠯ ᠢ ᠦᠨᠡᠨᠬᠦ ᠰᠡᠳᠬᠢᠯ ᠬᠠᠨᠤᠮᠵᠢᠲᠠᠢ ᠪᠣᠯᠭᠠᠬᠤ ᠬᠡᠷᠡᠭᠲᠡᠢ ᠭᠡᠵᠦ  ᠱᠠᠭᠠᠷᠳᠠᠪᠠ᠃          ᠬᠤᠷᠠᠯ ᠠᠴᠠ ᠴᠢᠬᠤᠯᠠᠴᠢᠯᠠᠭᠰᠠᠨ ᠨᠢ᠂ ᠰᠤᠷᠭᠠᠭᠤᠯᠢ ᠶᠢᠨ ᠠᠮᠤᠷ ᠲᠦᠪᠰᠢᠨ ᠪᠣᠯ ᠰᠤᠷᠭᠠᠨ ᠬᠥᠮᠦᠵᠢᠯ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢᠨ ᠤᠷᠢᠲᠠᠯ ᠪᠠ ᠰᠠᠭᠤᠷᠢ ᠮᠥᠨ᠂ ᠰᠤᠷᠭᠠᠨ ᠬᠥᠮᠦᠵᠢᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠮᠤᠷ ᠲᠦᠪᠰᠢᠨ ᠤ ᠤᠬᠠᠮᠰᠠᠷ ᠢᠶᠠᠨ ᠪᠠᠲᠤᠳᠬᠠᠨ᠂ ᠰᠤᠷᠭᠠᠭᠤᠯᠢ ᠶᠢᠨ ᠠᠮᠤᠷ ᠲᠦᠪᠰᠢᠨ ᠢ ᠬᠠᠮᠠᠭᠠᠯᠠᠬᠤ ᠤᠯᠤᠰ ᠲᠥᠷᠥ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠰᠤᠷᠭᠠᠭᠤᠯᠢ ᠪᠠ ᠰᠤᠷᠤᠭᠴᠢᠳ ᠤᠨ ᠠᠮᠤᠷ ᠲᠦᠪᠰᠢᠨ ᠢ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠭᠠᠯ ᠤᠨᠲᠠᠷᠠᠭᠠᠬᠤ ᠠᠮᠤᠷ ᠲᠦᠪᠰᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ᠂ ᠰᠤᠷᠤᠭᠴᠢᠳ ᠤᠨ ᠵᠠᠮ ᠬᠠᠷᠢᠯᠴᠠᠭᠠᠨ ᠤ ᠠᠮᠤᠷ ᠲᠦᠪᠰᠢᠨ᠂ ᠢᠳᠡᠭᠡᠨ ᠤ ᠠᠷᠢᠭᠤᠨ ᠴᠡᠪᠡᠷ ᠤᠨ ᠠᠮᠤᠷ ᠲᠦᠪᠰᠢᠨ᠂ ᠰᠡᠳᠬᠢᠴᠡ ᠶᠢᠨ ᠵᠢᠯᠣᠭᠤᠳᠣᠯᠭ᠎ᠠ ᠵᠡᠷᠭᠡ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠶ᠃ ᠡᠭᠦᠨ ᠤ ᠬᠠᠮᠲᠤ᠂ ᠬᠥᠮᠦᠵᠢᠯ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠬᠡᠷ ᠪᠦᠯᠢ ᠪᠠ ᠰᠤᠷᠭᠠᠭᠤᠯᠢ ᠶᠢᠨ ᠬᠠᠷᠢᠯᠴᠠᠭ᠎ᠠ ᠶᠢ ᠴᠢᠩᠭᠠᠳᠬᠠᠵᠤ᠂ ᠥᠷᠭᠡᠨ ᠣᠯᠠᠨ ᠪᠠᠭᠰᠢ ᠰᠤᠷᠤᠭᠴᠢᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃      ᠬᠤᠷᠠᠯ ᠠᠴᠠ ᠪᠠᠰᠠ ᠤᠢᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ  ᠶᠢᠨ ᠲᠣᠭᠲᠠᠭᠤᠨ ᠢ ᠬᠠᠮᠠᠭᠠᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠶᠠᠷᠢᠯᠴᠠᠪᠠ᠃      ᠰᠢᠶᠠᠨ ᠤ ᠤᠳᠤᠷᠢᠳᠤᠯᠭ᠎ᠠ ᠯᠢᠦ ᡁᠢ ᠴᠢᠶᠠᠩ᠂ ᠭᠤᠤ ᠬᠠᠨ᠂ ᠶᠠᠩ ᠶᠢᠨ᠂ ᠷᠧᠨ ᠷᠦᠢ᠂ ᠵᠠᠩ ᠵᠧᠨ ᠬᠠᠶ᠂ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠢᠶᠤᠤ ᠸᠧᠨ ᠸᠧᠶ᠂ ᠡᠯ᠎ᠡ ᠪᠠᠯᠭᠠᠰᠤ᠂ ᠬᠠᠲᠤᠨ ᠭᠤᠤᠯ ᠤᠨ ᠨᠤᠭᠤ ᠭᠠᠵᠠᠷ ᠤᠨ  ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1