ᠯᠢ ᠴᠦᠨ ᠶᠠᠨ ᠪᠦᠬᠦ ᠰᠢᠶᠠᠨ ᠤ 2021 ᠣᠨ ᠤ ᠪᠠᠭᠰᠢ ᠶᠢᠨ ᠪᠠᠶᠠᠷ ᠢ ᠪᠡᠯᠭᠡᠯᠡᠬᠦ ᠶᠡᠭᠡ ᠬᠤᠷᠠᠯ ᠳᠡᠭᠡᠷ᠎ᠡ ︽ᠲᠡᠩᠴᠡᠭᠦᠷᠢᠲᠡᠢ ᠲᠦᠭᠡᠮᠡᠯ ᠬᠠᠷᠠᠭᠠᠯᠵᠠᠯ ᠲᠠᠢ᠂ ᠰᠢᠯᠢᠳᠡᠭ ᠣᠨᠴᠠᠯᠢᠭ ᠲᠠᠢ᠂ ᠨᠡᠭᠡᠭᠡᠯᠲᠡᠲᠡᠢ ᠤᠯᠠᠨ ᠡᠰᠢᠴᠢᠯᠡᠭᠰᠡᠨ᠂ ᠠᠷᠠᠳ ᠲᠦᠮᠡᠨ ᠬᠠᠨᠤᠮᠵᠢᠲᠠᠢ︾ ᠰᠤᠷᠭᠠᠨ ᠬᠥᠮᠦᠵᠢᠯ ᠤᠨ ᠬᠦᠴᠦᠷᠬᠡᠭ ᠰᠢᠶᠠᠨ ᠢ ᠴᠢᠷᠮᠠᠶᠢᠨ ᠪᠠᠶᠢᠭᠤᠯᠵᠤ ᠮᠠᠨ ᠤ ᠰᠢᠶᠠᠨ ᠤ ᠴᠢᠨᠠᠷ ᠰᠠᠶᠢᠳᠠᠢ ᠬᠦᠭᠵᠢᠯᠳᠡ ᠳᠤ ᠬᠦᠴᠦᠷᠬᠡᠭ ᠶᠡᠭᠡ ᠴᠢᠳᠠᠪᠦᠷᠢᠳᠡᠨ ᠤ ᠪᠠᠳᠤᠯᠠᠭ᠎ᠠ ᠪᠤᠯᠤᠨ ᠤᠶᠤᠨ ᠴᠢᠳᠠᠪᠦᠷᠢ ᠶᠢᠨ ᠲᠤᠯᠭᠠᠭᠤᠷᠢᠯᠠᠯ ᠬᠠᠩᠭᠠᠬᠤ ᠬᠡᠷᠡᠭᠳᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2021/9/15
      9 ᠳ᠋ᠤᠭᠡᠷ ᠰᠠᠷ᠎ᠠ ᠶᠢᠨ 10 ᠤ ᠡᠳᠦᠷ ᠪᠣᠯ 37 ᠳ᠋ᠤᠭᠠᠷ ᠪᠠᠭᠰᠢ ᠶᠢᠨ ᠪᠠᠶᠠᠷ ᠤᠨ ᠡᠳᠦᠷ ᠪᠣᠯᠤᠨ᠎ᠠ᠃ ᠲᠤᠬᠠᠶ ᠶᠢᠨ ᠡᠳᠦᠷ᠂ ᠲᠣᠭᠲᠠᠬᠤ ᠰᠢᠶᠠᠨ ᠤ 2021 ᠣᠨ ᠤ ᠪᠠᠭᠰᠢ ᠶᠢᠨ ᠪᠠᠶᠠᠷ ᠢ ᠪᠡᠯᠭᠡᠯᠡᠬᠦ ᠶᠡᠭᠡ ᠬᠤᠷᠠᠯ ᠬᠤᠷᠠᠯᠳᠤᠪᠠ᠃ ᠬᠤᠷᠠᠯ ᠠᠴᠠ 2021 ᠣᠨ ᠤ ᠪᠦᠬᠦ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠲᠡᠷᠢᠭᠦᠨ ᠤ ᠬᠠᠮᠲᠤ᠂ ᠲᠡᠷᠢᠭᠦᠨ ᠤ ᠬᠤᠪᠢ ᠬᠥᠮᠦᠨ ᠢ ᠰᠠᠶᠢᠰᠢᠶᠠᠨ ᠬᠦᠬᠢᠭᠦᠯᠪᠡ᠃ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠰᠤᠷᠭᠠᠨ ᠬᠥᠮᠦᠵᠢᠯ ᠤᠨ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ ᠶᠢ ︽ᠳᠥᠷᠪᠡᠨ ᠤᠬᠠᠮᠰᠠᠷ︾ ᠢ ᠪᠠᠲᠤ ᠪᠤᠶ ᠪᠣᠯᠭᠠᠬᠤ᠂ ︽ᠳᠥᠷᠪᠡᠨ ᠢᠲᠡᠭᠡᠯ︾ ᠢᠶᠠᠨ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠶᠢᠨ ᠪᠣᠳᠠᠲᠠᠶ ᠢᠯᠡᠷᠡᠯ ᠪᠣᠯᠭᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠵᠥ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠰᠢᠨ᠎ᠡ ᠪᠠᠶᠢᠳᠠᠯ ᠢ ᠳᠠᠰᠤᠷᠠᠯᠳᠠ ᠦᠬᠡᠢ ᠡᠭᠦᠳᠴᠦ᠂ ︽ᠲᠡᠩᠴᠡᠭᠦᠷᠢᠲᠡᠢ ᠲᠦᠭᠡᠮᠡᠯ ᠬᠠᠷᠠᠭᠠᠯᠵᠠᠯ ᠲᠠᠢ᠂ ᠰᠢᠯᠢᠳᠡᠭ ᠣᠨᠴᠠᠯᠢᠭ ᠲᠠᠢ᠂ ᠨᠡᠭᠡᠭᠡᠯᠲᠡᠲᠡᠢ ᠤᠯᠠᠨ ᠡᠰᠢᠴᠢᠯᠡᠭᠰᠡᠨ᠂ ᠠᠷᠠᠳ ᠲᠦᠮᠡᠨ ᠬᠠᠨᠤᠮᠵᠢᠲᠠᠢ︾ ᠰᠤᠷᠭᠠᠨ ᠬᠥᠮᠦᠵᠢᠯ ᠤᠨ ᠬᠦᠴᠦᠷᠬᠡᠭ ᠰᠢᠶᠠᠨ ᠢ ᠴᠢᠷᠮᠠᠶᠢᠨ ᠪᠠᠶᠢᠭᠤᠯᠵᠤ᠂ ᠮᠠᠨ ᠤ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠷᠬᠡᠭ ᠶᠡᠭᠡ ᠴᠢᠳᠠᠪᠤᠷᠢᠲᠠᠨ ᠤ ᠪᠠᠲᠤᠯᠠᠭ᠎ᠠ ᠪᠠ ᠤᠶᠤᠨ ᠴᠢᠳᠠᠪᠦᠷᠢ  ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠡᠢ᠃      ᠦᠳᠡ ᠶᠢᠨ ᠡᠮᠦᠨᠡᠬᠢ 9 ᠴᠠᠭ ᠲᠤ᠂ ᠶᠡᠭᠡ ᠬᠤᠷᠠᠯ ᠡᠬᠢᠯᠡᠵᠦ᠂ ᠲᠠᠯᠠᠪᠠᠢ ᠳᠤ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠪᠠ᠃ ᠡᠩ ᠲᠡᠷᠢᠭᠦᠨ ᠳᠤ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠶᠡᠭᠡ ᠬᠤᠷᠠᠯ ᠢ ᠪᠡᠯᠭᠡᠯᠡᠬᠦ ᠳᠤ ᠪᠠᠶᠠᠷ ᠤᠨ ᠦᠭᠡ ᠶᠠᠷᠢᠵᠠᠢ᠃ ᠰᠢᠶᠠᠨ ᠤ ᠳᠡᠳ᠋ ᠳᠠᠷᠤᠭ᠎ᠠ ᠶᠠᠩ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠲᠠᠬᠤ ᠰᠢᠶᠠᠨ ᠤ ᠬᠤᠷᠢᠶ᠎ᠠ᠂ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ︽2021 ᠣᠨ ᠤ ᠪᠦᠬᠦ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠲᠡᠷᠢᠭᠦᠨ ᠤ ᠬᠠᠮᠲᠤ᠂ ᠲᠡᠷᠢᠭᠦᠨ ᠤ ᠬᠤᠪᠢ ᠬᠥᠮᠦᠨ ᠢ ᠰᠠᠶᠢᠰᠢᠶᠠᠨ ᠬᠦᠬᠢᠭᠦᠯᠬᠦ ᠲᠤᠬᠠᠢ ᠵᠠᠷᠯᠠᠯ︾ ᠢ ᠤᠩᠰᠢᠨ ᠨᠡᠶᠢᠲᠡᠯᠡᠪᠡ᠃ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠠᠴᠠ ᠰᠠᠶᠢᠰᠢᠶᠠᠭᠳᠠᠭᠰᠠᠨ ᠲᠡᠷᠢᠭᠦᠨ ᠤ ᠬᠠᠮᠲᠤ᠂ ᠲᠡᠷᠢᠭᠦᠨ ᠤ ᠬᠤᠪᠢ ᠬᠥᠮᠦᠨ ᠳᠤ ᠱᠠᠩᠨᠠᠯ ᠭᠠᠷᠳᠠᠭᠤᠯᠪᠠ᠃ ᠰᠢᠯᠢᠳᠡᠭ ᠪᠠᠭᠰᠢ᠂ ᠪᠠᠭᠰᠢ ᠶᠢᠨ ᠶᠣᠰᠣ ᠰᠤᠷᠲᠠᠬᠤᠨ ᠤ ᠵᠢᠱᠢᠶᠡᠴᠢ ᠶᠢᠨ ᠲᠥᠯᠥᠭᠡᠯᠡᠭᠴᠢ ᠶᠠᠷᠢᠶ᠎ᠠ ᠲᠠᠯᠪᠢᠪᠠ᠃      ᠯᠢ ᠴᠦᠨ ᠶᠠᠨ ᠰᠢᠶᠠᠨ ᠤ ᠳᠦᠷᠪᠡᠨ ᠶᠡᠭᠡ ᠪᠠᠭ ᠤᠨ ᠡᠮᠦᠨ᠎ᠡ ᠠᠴᠠ ᠪᠦᠬᠦ ᠰᠢᠶᠠᠨ ᠤ ᠥᠷᠭᠡᠨ ᠤᠯᠠᠨ ᠪᠠᠭᠰᠢ ᠪᠣᠯᠤᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠦ᠂ ᠰᠠᠶᠢᠰᠢᠶᠠᠭᠳᠠᠭᠰᠠᠨ ᠲᠡᠷᠢᠭᠦᠨ ᠤ ᠬᠠᠮᠲᠤ ᠪᠣᠯᠤᠨ ᠲᠡᠷᠢᠭᠦᠨ ᠤ ᠬᠤᠪᠢ ᠬᠥᠮᠦᠨ ᠳᠤ ᠬᠠᠯᠠᠭᠤᠨ ᠪᠠᠶᠠᠷ ᠬᠦᠷᠭᠡᠵᠦ᠂ ᠤᠷᠳᠤ ᠬᠤᠭᠤᠴᠠᠭᠠᠨ ᠤ ᠲᠤᠷᠰᠢ ᠮᠠᠨ ᠤ ᠰᠢᠶᠠᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠺᠠᠳ᠋ᠷ ᠤᠯᠠᠨ ᠲᠦᠮᠡᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃      ᠯᠢ ᠴᠦᠨ ᠶᠠᠨ᠂ ᠡᠲᠡᠭᠡᠷ ᠰᠠᠶᠢᠰᠢᠶᠠᠭᠳᠠᠭᠰᠠᠨ ᠰᠢᠯᠢᠳᠡᠭ ᠪᠠᠭᠰᠢ ᠪᠣᠯᠤᠨ ᠲᠡᠷᠢᠭᠦᠨ ᠤ ᠠᠵᠢᠯᠲᠠᠨ ᠪᠣᠯ ᠪᠥᠬᠦ ᠰᠢᠶᠠᠨ ᠤ ᠪᠠᠭᠰᠢ ᠶᠢᠨ ᠡᠩᠨᠡᠭᠡᠨ ᠤ ᠭᠠᠷᠮᠠᠭᠠᠶ ᠲᠥᠯᠥᠭᠡᠯᠡᠭᠴᠢ ᠮᠥᠨ᠂ ᠨᠠᠩ ᠴᠤ ᠮᠠᠨ ᠤ ᠰᠢᠶᠠᠨ ᠤ ︽ᠰᠤᠷᠭᠠᠨ ᠬᠥᠮᠦᠵᠢᠯ ᠢᠶᠠᠷ ᠰᠢᠶᠠᠨ ᠢᠶᠠᠨ ᠬᠦᠴᠦᠷᠬᠡᠭᠵᠢᠭᠦᠯᠬᠦ︾ ᠶᠢ ᠪᠥᠲᠥᠭᠡᠨ ᠪᠠᠶᠢᠭᠤᠯᠬᠤ ᠭᠤᠤᠯᠯᠠᠭᠴᠢ ᠬᠦᠴᠦᠨ ᠮᠥᠨ᠃ ᠰᠠᠶᠢᠰᠢᠶᠠᠭᠳᠠᠭᠰᠠᠨ ᠲᠡᠷᠢᠭᠦᠨ ᠤ ᠬᠤᠪᠢ ᠬᠥᠮᠦᠨ ᠢᠷᠠᠭᠤ ᠠᠯᠳᠠᠷ ᠢᠶᠠᠨ ᠨᠠᠨᠳᠢᠩᠨᠠᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠰᠤᠷᠤᠭᠴᠢᠳ ᠢ ᠬᠥᠮᠦᠵᠢᠭᠦᠯᠬᠦ ︽ᠶᠡᠭᠡ ᠪᠠᠭᠰᠢ︾ ᠪᠣᠯᠬᠤ ᠶᠢ ᠬᠦᠰᠡᠵᠦ ᠪᠠᠶᠢᠨ᠎ᠠ᠃ ᠡᠭᠦᠨ ᠤ ᠬᠠᠮᠲᠤ ᠪᠠᠰᠠ ᠪᠦᠬᠦ ᠰᠢᠶᠠᠨ ᠤ ᠥᠷᠭᠡᠨ ᠣᠯᠠᠨ ᠪᠠᠭᠰᠢ ᠨᠠᠷ ᠲᠡᠳᠡᠨ ᠢᠶᠠᠷ ᠳᠠᠭᠤᠷᠢᠶᠠᠯ ᠪᠣᠯᠭᠠᠵᠤ᠂ ᠲᠡᠳᠡᠨ ᠤ ᠵᠣᠷᠢᠭᠲᠠᠢ ᠪᠠᠷ ᠤᠷᠤᠭᠰᠢᠯᠠᠨ ᠲᠠᠪᠰᠢᠬᠤ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠡᠷᠡᠮᠡᠬᠡᠶᠢᠯᠡᠨ ᠳᠠᠪᠰᠢᠬᠤ ᠵᠣᠷᠢᠭ ᠰᠠᠨᠠᠭ᠎ᠠ ᠶᠢ ᠰᠤᠷᠤᠯᠴᠠᠵᠤ᠂ ᠲᠡᠳᠡᠨ ᠤ ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ᠂ ᠬᠥᠮᠦᠨ ᠢᠶᠠᠷ ᠦᠨᠳᠦᠰᠦ ᠪᠣᠯᠭᠠᠬᠤ ᠬᠥᠮᠦᠰ ᠲᠤ ᠬᠡᠪ ᠳᠠᠭᠤᠷᠢᠶᠠᠯ ᠪᠣᠯᠬᠤ ᠬᠡᠪ ᠨᠠᠮᠪᠠ ᠶᠢ ᠰᠤᠷᠤᠯᠴᠠᠵᠤ᠂ ᠲᠡᠳᠡᠨ ᠤ ᠡᠷᠳᠡᠮ ᠰᠢᠨᠵᠢᠯᠡᠭᠡᠨ ᠳᠤ ᠴᠢᠩᠭ᠎ᠠ ᠨᠢᠮᠪᠠᠢ᠂ ᠰᠤᠷᠭᠠᠬᠤ ᠳᠤ ᠴᠥᠬᠦᠷᠡᠯ ᠦᠭᠡᠢ ᠪᠠᠶᠢᠳᠠᠭ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠬᠠᠶᠢᠷ᠎ᠠ ᠰᠡᠳᠬᠢᠯᠭᠡ ᠶᠢ ᠰᠤᠷᠤᠯᠴᠠᠵᠤ᠂ ᠥᠪᠡᠷ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠴᠢᠷᠮᠠᠶᠢᠨ ᠠᠵᠢᠯᠯᠠᠵᠤ᠂ ᠮᠠᠨ ᠤ ᠰᠢᠶᠠᠨ ᠤ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠯᠢ ᠴᠦᠨ ᠶᠠᠨ ᠴᠢᠬᠤᠯᠠᠴᠢᠯᠠᠭᠰᠠᠨ ᠨᠢ᠂ ᠰᠤᠷᠭᠠᠨ ᠬᠥᠮᠦᠵᠢᠯ ᠪᠣᠯ ᠤᠯᠤᠰ ᠤᠨ ᠬᠥᠭᠵᠢᠯᠲᠡ ᠳᠤ ᠬᠤᠯᠪᠣᠭᠳᠠᠵᠤ᠂ ᠦᠨᠳᠦᠰᠦᠲᠡᠨ ᠤ ᠢᠷᠡᠭᠡᠳᠦᠶ ᠳᠤ ᠬᠤᠯᠪᠣᠭᠳᠠᠵᠤ ᠪᠠᠶᠢᠳᠠᠭ᠂ ᠡᠨᠡ ᠪᠣᠯ ᠤᠯᠤᠰ ᠤᠨ ᠶᠡᠭᠡ ᠪᠣᠳᠣᠯᠭ᠎ᠠ᠂ ᠨᠠᠮ ᠤᠨ ᠶᠡᠭᠡ ᠪᠣᠳᠣᠯᠭ᠎ᠠ ᠮᠥᠨ᠃ ᠨᠠᠮ ᠤᠨ ᠰᠤᠷᠭᠠᠨ ᠬᠥᠮᠦᠵᠢᠯ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠤᠬ ᠰᠠᠨᠠᠭ᠎ᠠ ᠶᠢ ᠪᠠᠲᠤ ᠰᠠᠬᠢᠵᠤ᠂ ᠰᠤᠷᠭᠠᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠵᠠᠷᠴᠢᠮ ᠢ ᠪᠠᠷᠢᠮᠲᠠᠯᠠᠬᠤ ᠬᠡᠷᠡᠭᠲᠡᠢ᠃ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠠ ᠡᠯ᠎ᠡ ᠰᠤᠷᠭᠠᠭᠤᠯᠢ ᠨᠤᠭᠤᠳ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠲᠠᠢ ᠨᠢᠭᠲᠠ ᠤᠶᠠᠯᠳᠤᠭᠤᠯᠤᠨ᠂ ᠰᠤᠷᠭᠠᠨ ᠬᠥᠮᠦᠵᠢᠯ ᠤᠨ ᠶᠠᠰᠤ ᠴᠢᠨᠠᠷ ᠪᠠ ᠰᠤᠷᠭᠠᠭᠤᠯᠢ ᠡᠷᠭᠢᠯᠡᠬᠦ ᠬᠢᠷᠢ ᠬᠡᠮᠵᠢᠶ᠎ᠡ ᠪᠠᠨ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠥᠨᠳᠥᠷ ᠬᠡᠪ ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢ ᠪᠠᠶᠢᠭᠤᠯᠤᠨ᠂ ᠰᠠᠭᠤᠷᠢ ᠰᠤᠷᠭᠠᠨ ᠬᠥᠮᠦᠵᠢᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠲᠦᠮᠡᠨ ᠤ ᠰᠠᠨᠠᠭ᠎ᠠ ᠠᠮᠤᠷ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠬᠤ ᠬᠡᠷᠡᠭᠲᠡᠶ᠃ ᠪᠦᠬᠦ ᠰᠢᠶᠠᠨ ᠤ ᠥᠷᠭᠡᠨ ᠤᠯᠠᠨ ᠪᠠᠭᠰᠢ ᠨᠠᠷ ᠪᠠ ᠰᠤᠷᠭᠠᠨ ᠬᠥᠮᠦᠵᠢᠯ ᠤᠨ ᠠᠵᠢᠯᠲᠠᠳ ᠥᠪᠡᠷ ᠢ ᠪᠠᠨ ᠬᠦᠨᠳᠦᠳᠬᠡᠨ ᠥᠪᠡᠷ ᠢ ᠪᠠᠨ ᠵᠣᠷᠢᠭᠵᠢᠭᠤᠯᠵᠤ᠂ ᠨᠠᠮ ᠪᠠ ᠠᠷᠠᠳ ᠲᠦᠮᠡᠨ ᠳᠡᠭᠡᠨ ᠣᠰᠣᠯᠳᠠᠬᠤ ᠦᠭᠡᠢ ᠬᠥᠮᠦᠨ ᠲᠥᠷᠥᠯᠬᠢᠲᠡᠨ ᠤ ᠤᠶᠤᠨ ᠤ ᠢᠨᠵᠧᠨᠧᠷ ᠪᠣᠯᠬᠤ ᠪᠠᠷ ᠴᠢᠷᠮᠠᠶᠢᠬᠤ ᠬᠡᠷᠡᠭᠲᠡᠶ᠃ ᠪᠥᠬᠦ ᠰᠢᠶᠠᠨ ᠢᠶᠠᠷ ᠢᠶᠠᠨ ︽ᠰᠤᠷᠭᠠᠨ ᠬᠥᠮᠦᠵᠢᠯ ᠢᠶᠠᠷ ᠰᠢᠶᠠᠨ ᠢᠶᠠᠨ ᠬᠦᠴᠦᠷᠬᠡᠭᠵᠢᠭᠦᠯᠬᠦ︾ ᠬᠠᠷᠠᠯᠲᠠ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠪᠠᠭᠰᠢ ᠶᠢ ᠬᠦᠨᠳᠦᠳᠬᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠪᠥᠬᠦ ᠠᠷᠠᠳ ᠢᠶᠠᠷ ᠢᠶᠠᠨ ᠰᠤᠷᠭᠠᠨ ᠬᠥᠮᠦᠵᠢᠯ ᠢ ᠬᠥᠭᠵᠢᠭᠦᠯᠬᠦ ᠰᠢᠨ᠎ᠡ ᠪᠠᠶᠢᠷᠢᠰᠢᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠬᠡᠷᠡᠭᠲᠡᠶ ᠭᠡᠪᠡ᠃      ᠰᠦᠨ ᠰᠢᠶᠦ᠋ᠨ᠂ ᠶᠦᠨ ᠷᠦᠢ ᠵᠢᠶᠦ᠋ᠨ ᠵᠡᠷᠭᠡ ᠰᠢᠶᠠᠨ ᠭᠠᠵᠠᠷ ᠤᠨ ᠲᠡᠰ ᠤᠨ ᠤᠳᠤᠷᠢᠳᠤᠯᠭ᠎ᠠ᠂ ᠰᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ᠂ ᠰᠢᠶᠠᠨ ᠤ ᠰᠤᠷᠭᠠᠨ ᠬᠥᠮᠦᠵᠢᠯ ᠤᠨ ᠲᠤᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠪᠦᠬᠦ ᠰᠢᠶᠠᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠠᠷᠢᠭᠤᠴᠠᠯᠭᠠᠲᠠᠨ ᠨᠥᠬᠦᠳ ᠵᠢᠴᠢ ᠬᠥᠬᠢᠭᠦᠯᠦᠯ ᠬᠦᠷᠳᠡᠭᠰᠡᠨ ᠲᠡᠷᠢᠭᠦᠨ ᠤ ᠬᠠᠮᠲᠤ᠂ ᠲᠡᠷᠢᠭᠦᠨ ᠤ ᠬᠤᠪᠢ ᠬᠥᠮᠦᠨ ᠬᠤᠷᠠᠯ ᠳᠤ ᠣᠷᠣᠯᠴᠠᠪᠠ᠃       ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠮᠢᠩ ᠬᠤᠷᠠᠯ ᠡᠷᠭᠢᠯᠡᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1