ᠮᠠᠨ ᠤ ᠰᠢᠶᠠᠨ ᠰᠢᠶᠠᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠩᠬᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/16
      9 ᠳ᠋ᠤᠭᠠᠷ ᠰᠠᠷ᠎ᠠ ᠶᠢᠨ 13 ᠤ ᠡᠳᠦᠷ᠂ ᠲᠣᠭᠲᠠᠬᠤ ᠰᠢᠶᠠᠨ ᠰᠢᠶᠠᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠩᠬᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ᠂ ᠰᠢᠶᠠᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠲᠦᠮᠡᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠰᠢᠶᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠰᠢᠶᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠪᠠᠶᠢᠭᠤᠯᠤᠮᠵᠢ ᠶᠢᠨ ᠪᠦᠬᠦ ᠠᠵᠢᠯᠳᠠᠨ᠂ ᠰᠠᠬᠢᠯᠭ᠎ᠠ ᠪᠠᠲᠤ ᠪᠠᠶᠢᠴᠠᠭᠠᠬᠤ  ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠯᠪᠣᠭᠳᠠᠯ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ᠂ ᠲᠣᠭᠤᠷᠢᠨ ᠪᠠᠶᠢᠴᠠᠭᠠᠬᠤ ᠠᠵᠢᠯ ᠤᠨ ᠬᠠᠮᠵᠢᠯᠴᠠᠬᠤ ᠲᠣᠭᠲᠠᠴᠠ ᠶᠢᠨ ᠪᠦᠷᠢᠯᠳᠦᠬᠦᠨ  ᠨᠢᠭᠡᠴᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
     ᠬᠤᠷᠠᠯ ᠳᠡᠭᠡᠷ᠎ᠡ ︽ᠰᠢᠶᠠᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠩᠬᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠲᠥᠰᠦᠯ︾ ᠪᠠ ︽ᠰᠢᠶᠠᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠩᠬᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠳᠡᠳ᠋ ᠳᠠᠷᠤᠭ᠎ᠠ ᠶᠢᠨ ᠡᠷᠬᠡ ᠣᠯᠭᠤᠯᠲᠠ ᠵᠢᠴᠢ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠤᠬᠠᠶ ᠲᠣᠭᠲᠠᠭᠠᠯ︾ ᠢ ᠤᠩᠰᠢᠨ ᠨᠡᠶᠢᠲᠡᠯᠡᠪᠡ᠃     ᠬᠤᠷᠠᠯ ᠠᠴᠠ᠂ ᠨᠢᠭᠡ ᠳᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢ ᠭᠦᠨᠵᠡᠭᠡᠶᠢᠷᠡᠭᠦᠯᠵᠦ᠂ ᠬᠢᠨᠠᠯᠲᠠ ᠲᠠᠯᠪᠢᠬᠤ ᠪᠠᠶᠢᠷᠢ ᠲᠣᠭᠲᠠᠭᠠᠯᠲᠠ ᠶᠢ ᠣᠨᠣᠪᠴᠢᠲᠠᠢ ᠤᠯᠬᠤ ᠬᠡᠷᠡᠭᠲᠡᠢ᠃ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠥᠭᠦᠯᠡᠯᠲᠡ ᠶᠢ ᠦᠷᠭᠦᠯᠵᠢᠯᠡᠨ ᠭᠦᠨᠵᠡᠭᠡᠶ ᠰᠤᠷᠤᠯᠴᠠᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠰᠠᠶᠢᠨ ᠲᠤᠷᠰᠢᠯᠭ᠎ᠠ ᠪᠠ ᠠᠷᠭ᠎ᠠ ᠬᠢᠳᠡᠯ ᠢ ᠬᠢᠨᠠᠮᠠᠭᠠᠶ ᠳ᠋ᠦᠩᠨᠡᠵᠦ᠂ ᠲᠣᠭᠤᠷᠢᠨ ᠪᠠᠶᠢᠴᠠᠭᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ ᠲᠥᠯᠥᠪᠯᠡᠨ ᠰᠦᠪᠡᠭᠴᠢᠯᠡᠬᠦ ᠪᠠ ᠵᠣᠬᠢᠶᠠᠨ ᠪᠠᠶᠢᠭᠤᠯᠵᠤ ᠲᠦᠯᠬᠢᠨ ᠠᠬᠢᠭᠤᠯᠤᠨ᠎ᠠ᠃ ᠪᠥᠬᠦ ᠤᠯᠤᠰ ᠤᠨ ᠲᠣᠭᠤᠷᠢᠨ ᠪᠠᠶᠢᠴᠠᠭᠠᠬᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ᠂ ᠲᠠᠪᠤᠳᠤᠭᠠᠷ ᠬᠤᠭᠤᠴᠠᠭᠠᠨ ᠤ ᠪᠥᠬᠦ ᠣᠷᠣᠨ ᠤ ᠲᠣᠭᠤᠷᠢᠨ ᠪᠠᠶᠢᠴᠠᠭᠠᠬᠤ ᠺᠠᠳ᠋ᠷᠴᠤᠳ ᠢ ᠪᠣᠯᠪᠠᠰᠤᠷᠠᠭᠤᠯᠬᠤ ᠬᠤᠷᠠᠯᠳᠤᠭᠠᠨ ᠤ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠣᠣ ᠯᠧ ᠵᠢᠶ ᠨᠥᠬᠦᠷ ᠤᠨ ᠳᠤᠷᠠᠳᠤᠭᠰᠠᠨ ︽ᠲᠠᠪᠤᠨ ᠬᠦᠴᠦ ᠲᠠᠯᠪᠢᠬᠤ︾ ᠱᠠᠭᠠᠷᠳᠠᠯᠭ᠎ᠠ ᠶᠣᠰᠣᠭᠠᠷ᠂ ᠠᠷᠪᠠᠨ ᠲᠠᠪᠤᠳᠤᠭᠠᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠨᠢᠭᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠬᠤᠶᠠᠷ ᠲᠤ᠂ ᠲᠣᠭᠤᠷᠢᠨ ᠪᠠᠶᠢᠴᠠᠭᠠᠬᠤ ᠭᠤᠣᠯᠳᠠᠯᠭ᠎ᠠ ᠶᠢ ᠳᠤᠪᠤᠶᠢᠯᠭᠠᠵᠤ᠂ ︽ᠭᠤᠷᠪᠠᠨ ᠠᠩᠬᠠᠷᠤᠯ︾ ᠢ ᠪᠣᠳᠠᠲᠠᠶᠢᠵᠢᠭᠤᠯᠬᠤ ᠬᠡᠷᠡᠭᠲᠡᠢ᠃ ᠠᠷᠪᠠᠨ ᠲᠠᠪᠤᠳᠤᠭᠠᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠨᠢᠭᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠳᠤ ︽ᠴᠢᠩᠭ᠎ᠠ︾ ᠭᠤᠣᠯ ᠬᠦᠭ ᠠᠶᠠᠰ ᠢ ᠪᠠᠷᠢᠮᠲᠠᠯᠠᠵᠤ᠂ ᠡᠷᠬᠡ ᠲᠥᠪᠯᠡᠷᠡᠭᠰᠡᠨ᠂ ᠪᠡᠯᠡ ᠮᠥᠩᠭᠦ ᠨᠢᠭᠲᠠᠷᠠᠭᠰᠠᠨ᠂ ᠡᠬᠢ ᠪᠠᠶᠠᠯᠢᠭ ᠡᠯᠪᠡᠭ ᠳᠡᠯᠪᠡᠭ ᠪᠠᠶᠢᠭ᠎ᠠ ᠭᠤᠣᠯᠳᠠᠯᠭ᠎ᠠ ᠲᠠᠢ ᠰᠠᠯᠠᠭ᠎ᠠ ᠮᠥᠴᠢᠷ ᠪᠠ ᠬᠦᠷᠢᠶ᠎ᠡ ᠶᠢ ᠴᠢᠩᠭ᠎ᠠ ᠠᠩᠬᠠᠷᠴᠤ᠂ ᠨᠠᠮ ᠤᠨ ᠲᠦᠷᠦ ᠪᠠᠷᠢᠬᠤ ᠰᠠᠭᠤᠷᠢ ᠶᠢ ᠭᠤᠶᠢᠪᠢᠯᠵᠠᠭᠤᠯᠤᠭᠰᠠᠨ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠬᠥᠮᠦᠨ ᠪᠠ ᠬᠡᠷᠡᠭ ᠶᠠᠪᠤᠳᠠᠯ ᠢ ᠴᠢᠩᠭ᠎ᠠ ᠠᠩᠬᠠᠷᠴᠤ᠂ ᠲᠣᠭᠤᠷᠢᠨ ᠪᠠᠶᠢᠴᠠᠭᠠᠬᠤ ᠭᠤᠣᠯᠳᠠᠯᠭ᠎ᠠ ᠶᠢ ︽ᠭᠤᠷᠪᠠᠨ ᠠᠩᠬᠠᠷᠤᠯ ᠢ ᠲᠥᠪᠯᠡᠷᠡᠭᠦᠯᠬᠦ︾ ᠳᠡᠭᠡᠷ᠎ᠡ ᠲᠠᠯᠪᠢᠵᠤ᠂ ᠬᠢᠨᠠᠯᠲᠠ ᠲᠠᠯᠪᠢᠬᠤ ᠠᠵᠢᠯ ᠢ ᠭᠦᠨᠵᠡᠭᠡᠶ ᠥᠷᠨᠢᠭᠦᠯᠵᠦ᠂ ᠰᠢᠶᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ  ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠨᠢᠮᠪᠠᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠭᠤᠷᠪᠠ ᠳᠤ᠂ ᠲᠣᠭᠤᠷᠢᠨ ᠪᠠᠶᠢᠴᠠᠭᠠᠬᠤ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠴᠠᠭᠳᠠᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠨᠢ ᠴᠠᠭᠳᠠᠨ ᠪᠠᠶᠢᠴᠠᠭᠠᠬᠤ ᠠᠵᠢᠯ ᠢ ᠪᠦᠬᠦ ᠬᠦᠴᠦᠨ ᠢᠶᠠᠷ ᠢᠶᠠᠨ ᠲᠡᠮᠵᠢᠨ ᠰᠠᠶᠢᠲᠤᠷ ᠬᠠᠮᠵᠢᠯᠴᠠᠵᠤ᠂ ᠦᠨᠡᠨ ᠢ ᠪᠠᠷᠢᠮᠲᠠᠯᠠᠨ ᠴᠠᠭᠳᠠᠨ ᠪᠠᠶᠢᠴᠠᠭᠠᠬᠤ ᠳᠤᠭᠤᠶᠢᠯᠠᠩ ᠳᠤ ᠠᠵᠢᠯ ᠢᠶᠠᠨ ᠮᠡᠳᠡᠭᠦᠯᠵᠦ᠂ ᠠᠰᠠᠭᠤᠳᠠᠯ ᠢᠶᠠᠨ ᠲᠤᠰᠬᠠᠵᠤ᠂ ᠪᠠᠶᠢᠳᠠᠯ ᠢᠶᠠᠨ ᠲᠣᠳᠣᠷᠬᠠᠶᠢᠯᠠᠬᠤ ᠬᠡᠷᠡᠭᠲᠡᠢ︔ ᠴᠠᠭᠳᠠᠨ ᠪᠠᠶᠢᠴᠠᠭᠠᠬᠤ ᠠᠯᠪᠠᠨ ᠭᠡᠷ ︽ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠬᠢᠨᠠᠯᠲᠠ ᠲᠠᠯᠪᠢᠨ ᠵᠢᠯᠣᠭᠤᠳᠬᠤ᠂ ᠦᠢᠯᠡᠴᠢᠯᠡᠭᠡ ᠪᠠᠲᠤᠯᠠᠬᠤ︾ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠴᠠᠭᠳᠠᠨ ᠪᠠᠶᠢᠴᠠᠭᠠᠬᠤ ᠠᠵᠢᠯ ᠢ ᠮᠥᠷᠳᠡᠨ ᠵᠢᠯᠣᠭᠤᠳᠴᠤ᠂ ᠴᠠᠭᠳᠠᠨ ᠪᠠᠶᠢᠴᠠᠭᠠᠬᠤ ᠳᠤᠭᠤᠶᠢᠯᠠᠩ ᠤᠨ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠬᠤᠷᠴᠠ ᠰᠡᠯᠡᠮ᠎ᠡ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠬᠤ ᠶᠢ ᠪᠠᠲᠤᠯᠠᠬᠤ ᠬᠡᠷᠡᠭᠲᠡᠢ︔ ᠡᠯ᠎ᠡ ᠬᠠᠮᠵᠢᠯᠴᠠᠬᠤ ᠲᠣᠭᠲᠠᠴᠠ ᠶᠢᠨ ᠪᠦᠷᠢᠯᠳᠦᠬᠦᠨ ᠨᠢᠭᠡᠴᠢ ᠶᠢᠨ ᠬᠢᠨ ᠲᠣᠭᠤᠷᠢᠨ ᠪᠠᠶᠢᠴᠠᠭᠠᠬᠤ ᠳᠤᠭᠤᠶᠢᠯᠠᠩ ᠳᠤ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠠᠮᠢ ᠠᠬᠤᠢ ᠶᠢᠨ ᠪᠠᠶᠢᠳᠠᠯ᠂ ᠨᠠᠮ ᠢ ᠬᠠᠮᠢᠶᠠᠷᠴᠤ ᠨᠠᠮ ᠢ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ᠂ ᠳᠡᠭᠡᠷ᠎ᠡ ᠡᠭᠡᠯᠵᠢ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠵᠡᠷᠭᠡ ᠪᠠᠶᠢᠳᠠᠯ ᠢᠶᠠᠨ ᠮᠡᠳᠡᠭᠳᠡᠬᠦ ᠬᠡᠷᠡᠭᠲᠡᠢ︔ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠪᠠ ᠦᠷ᠎ᠡ ᠪᠦᠲᠦᠭᠡᠯ ᠢ ᠬᠡᠷᠡᠭᠯᠡᠬᠦ ᠶᠢ ᠴᠢᠩᠭᠠᠳᠬᠠᠵᠤ᠂ ᠲᠣᠭᠤᠷᠢᠨ ᠪᠠᠶᠢᠴᠠᠭᠠᠭᠰᠠᠨ ᠦᠷ᠎ᠡ ᠳ᠋ᠦᠩ ᠢ ᠬᠥᠮᠦᠰ ᠲᠤ ᠢᠲᠡᠭᠡᠭᠦᠯᠬᠦ᠂ ᠦᠢᠯᠡᠳᠦᠯᠭᠡ ᠪᠠ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ᠃ ᠲᠦᠷᠪᠡ ᠳᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠰᠤᠷᠲᠠᠯ ᠤᠨ ᠪᠠᠶᠢᠭᠤᠯᠤᠯᠲᠠ ᠶᠢᠨ ᠲᠠᠯ᠎ᠠ ᠪᠠᠷ ᠦᠯᠢᠭᠡᠷ ᠳᠠᠭᠤᠷᠢᠶᠠᠯ ᠪᠣᠯᠬᠤ ᠬᠡᠷᠡᠭᠲᠡᠶ᠃ ᠪᠦᠬᠦ ᠴᠠᠭᠳᠠᠨ ᠪᠠᠶᠢᠴᠠᠭᠠᠬᠤ ᠺᠠᠳ᠋ᠷ ᠰᠠᠬᠢᠯᠭ᠎ᠠ ᠪᠠᠲᠤ ᠶᠣᠰᠣ ᠳᠦᠷᠢᠮ ᠤᠨ ᠬᠥᠪᠴᠢ ᠶᠢ ᠴᠠᠭ ᠢᠮᠠᠭᠲᠠ ᠴᠢᠩᠭ᠎ᠠ ᠪᠠᠷᠢᠵᠤ᠂ ︽ᠳᠦᠷᠪᠡᠨ ᠬᠤᠷᠢᠭ᠎ᠠ ᠱᠤᠭᠤᠮ︾᠂ ︽ᠵᠢᠷᠭᠤᠭᠠᠨ ᠰᠠᠬᠢᠯᠭ᠎ᠠ ᠪᠠᠲᠤ︾ ᠶᠢ ᠴᠢᠩᠭ᠎ᠠ ᠰᠠᠬᠢᠵᠤ᠂ ᠴᠢᠮᠡᠭᠡ ᠵᠠᠳᠠᠷᠠᠭᠤᠯᠬᠤ᠂ ᠡᠷᠬᠡ ᠮᠡᠳᠡᠯ ᠤᠨ ᠬᠡᠪᠴᠢᠶ᠎ᠡ ᠠᠴᠠ ᠳᠠᠪᠠᠵᠤ᠂ ᠲᠣᠭᠤᠷᠢᠨ ᠪᠠᠶᠢᠴᠠᠭᠠᠵᠤ ᠬᠤᠪᠢ ᠪᠠᠨ ᠪᠣᠷᠳᠣᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠃ ︽ᠬᠤᠭᠤᠯᠠᠨ ᠬᠦᠷᠢᠶ᠎ᠡ︾ ᠶᠢᠨ ᠰᠣᠶᠣᠯ ᠢ ᠴᠢᠩᠭ᠎ᠠ ᠴᠠᠭᠠᠵᠠᠯᠠᠵᠤ᠂ ᠴᠠᠭᠳᠠᠨ ᠪᠠᠶᠢᠴᠠᠭᠠᠬᠤ ᠺᠠᠳ᠋ᠷ ᠪᠣᠯᠤᠨ ᠴᠠᠭᠳᠠᠨ ᠪᠠᠶᠢᠴᠠᠭᠠᠭᠳᠠᠵᠤ ᠪᠠᠶᠢᠭ᠎ᠠ ᠨᠢᠭᠡᠴᠢ ᠵᠢᠴᠢ ᠬᠤᠯᠪᠣᠭᠳᠠᠯ ᠪᠦᠬᠦᠢ ᠬᠥᠮᠦᠰ ᠬᠠᠷᠢᠯᠴᠠᠨ ᠵᠠᠯᠠᠵᠤ ᠬᠤᠭᠤᠯᠠ ᠢᠳᠡᠬᠦ ᠶᠢ ᠴᠢᠩᠭ᠎ᠠ ᠴᠠᠭᠠᠵᠠᠯᠠᠵᠤ᠂ ᠨᠢᠭᠡ ᠶᠢ ᠣᠯᠵᠤ ᠮᠡᠳᠡᠪᠡᠯ ᠨᠢᠭᠡ ᠶᠢ ᠴᠢᠩᠭ᠎ᠠ ᠪᠠᠶᠢᠴᠠᠭᠠᠨ᠎ᠠ᠃ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠨᠢ ᠴᠠᠭᠳᠠᠨ ᠪᠠᠶᠢᠴᠠᠭᠠᠬᠤ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠡᠭᠦᠷᠭᠡᠯᠡᠵᠦ᠂ ᠨᠠᠮᠴᠢ ᠴᠢᠨᠠᠷ ᠤᠨ ᠵᠠᠷᠴᠢᠮ ᠢ ᠲᠦᠷᠦᠭᠦᠯᠡᠨ ᠪᠠᠲᠤ ᠰᠠᠬᠢᠵᠤ᠂ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠵᠤ᠂ ᠺᠠᠳ᠋ᠷ ᠢ ᠰᠠᠶᠢᠲᠤᠷ ᠬᠠᠮᠢᠶᠠᠷᠴᠤ᠂ ᠡᠩᠨᠡᠭᠡ ᠪᠠᠨ ᠰᠠᠶᠢᠲᠤᠷ ᠳᠠᠭᠠᠭᠤᠯᠬᠤ ᠬᠡᠷᠡᠭᠲᠡᠶ᠃ ᠴᠠᠭᠳᠠᠨ ᠪᠠᠶᠢᠴᠠᠭᠠᠬᠤ ᠺᠠᠳ᠋ᠷᠴᠤᠳ ᠵᠠᠷᠴᠢᠮ ᠢ ᠡᠷᠬᠢᠮᠯᠡᠬᠦ ᠠᠴᠠ ᠪᠢᠰᠢ ᠨᠢᠭᠤᠷ ᠲᠠᠯ᠎ᠠ ᠬᠠᠷᠠᠬᠤ ᠦᠭᠡᠢ᠂ ᠨᠠᠮᠴᠢ ᠴᠢᠨᠠᠷ ᠢ ᠡᠷᠬᠢᠮᠯᠡᠬᠦ ᠠᠴᠠ ᠪᠢᠰᠢ ᠬᠤᠪᠢ ᠶᠢᠨ ᠨᠠᠶᠢᠷ ᠲᠠᠯ᠎ᠠ ᠬᠠᠷᠠᠬᠤ ᠦᠭᠡᠢ᠂ ᠬᠠᠤᠯᠢ ᠴᠠᠭᠠᠵᠠ ᠰᠠᠬᠢᠯᠭ᠎ᠠ ᠪᠠᠲᠤ ᠶᠢ ᠡᠷᠬᠢᠮᠯᠡᠬᠦ ᠠᠴᠠ ᠪᠢᠰᠢ ᠬᠠᠷᠢᠴᠠᠭ᠎ᠠ ᠶᠢ ᠡᠷᠬᠢᠮᠯᠡᠬᠦ ᠦᠭᠡᠢ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ ᠪᠠᠶᠢᠬᠤ ᠶᠢ ᠪᠠᠷᠢᠮᠲᠠᠯᠠᠨ ᠪᠡᠶᠡᠯᠡᠭᠦᠯᠬᠦ ᠬᠡᠷᠡᠭᠲᠡᠢ᠃      ᠰᠢᠶᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠠᠷᠪᠠᠨ ᠲᠠᠪᠤᠳᠤᠭᠠᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠨᠢᠭᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠨᠢ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠵᠠᠮ ᠬᠠᠷᠢᠯᠴᠠᠭ᠎ᠠ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠵᠡᠷᠭᠡ 6 ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠳᠤ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠬᠢᠬᠦ ᠪᠣᠯᠤᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1