ᠮᠠᠨ ᠤ ᠰᠢᠶᠠᠨ ᠪᠦᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠵᠤ ᠬᠦᠯᠢᠶᠡᠨ ᠠᠪᠴᠤ ᠦᠵᠡᠪᠡ
ᠨᠡᠶᠢᠲᠡᠯᠡᠭᠰᠡᠨ ᠴᠠᠭ᠄
2021/9/16
      ᠰᠢ ᠶᠢᠨ ᠫᠢᠩ ᠶᠡᠷᠦᠩᠬᠡᠶ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠦᠷᠢᠵᠢᠭᠤᠯᠵᠦ᠂ ᠣᠳᠣᠬᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠤᠨ ᠪᠠᠶᠢᠳᠠᠯ ᠢ ᠭᠦᠨᠵᠡᠭᠡᠢ ᠵᠠᠳᠠᠯᠬᠤ ᠶᠢᠨ ᠬᠠᠮᠲᠤ ᠳᠠᠷᠠᠭᠠᠴᠢ ᠶᠢᠨ ᠱᠠᠲᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠲᠠᠬᠢᠨ  ᠪᠠᠶᠢᠷᠢᠯᠠᠭᠤᠯᠬᠤ ᠶᠢᠨ ᠲᠦᠯᠦᠭᠡ᠂ 9 ᠳ᠋ᠤᠭᠡᠷ ᠰᠠᠷ᠎ᠠ ᠶᠢᠨ 11 ᠤ ᠡᠳᠦᠷ᠂ ᠪᠦᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠢ ᠠᠬᠢᠭᠤᠯᠬᠤ ᠬᠤᠷᠠᠯ ᠬᠥᠬᠡᠬᠤᠲᠠ ᠳᠤ ᠬᠤᠷᠠᠯᠳᠤᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢᠨ ᠱᠣᠤ ᠴᠦᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠣᠤ ᠴᠦᠨ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠬᠤᠷᠠᠯ ᠢ ᠡᠷᠭᠢᠯᠡᠪᠡ᠃      ᠯᠢᠨ ᠱᠤᠤ ᠴᠦᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠪᠦᠬᠦ ᠲᠠᠯ᠎ᠠ ᠶᠢᠨ ᠢᠯᠠᠯᠲᠠ ᠣᠯᠤᠭᠰᠠᠨ ᠤ ᠳᠠᠷᠠᠭ᠎ᠠ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠭᠤᠣᠯᠳᠠᠯᠭ᠎ᠠ ᠶᠢ ᠲᠡᠦᠬᠡᠲᠦ ᠴᠢᠨᠠᠷᠲᠠᠢ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠡᠭᠡᠷ᠎ᠡ ᠰᠢᠯᠵᠢᠭᠦᠯᠵᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠬᠠᠮᠰᠠᠷ ᠠᠴᠠ ᠪᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠰᠠᠶᠢᠲᠤᠷ ᠠᠳᠬᠤᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠪᠣᠯᠭᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠲᠡᠷᠡ ᠬᠡᠪ ᠢᠶᠠᠷ ᠨᠢ ᠠᠬᠢᠭᠤᠯᠬᠤ ᠬᠡᠷᠡᠭᠲᠡᠢ ᠭᠡᠵᠦ ᠵᠢᠭᠠᠨ ᠭᠠᠷᠭᠠᠪᠠ᠃      ᠯᠢᠨ ᠱᠣᠣ ᠴᠦᠨ ᠴᠢᠬᠤᠯᠠᠴᠢᠯᠠᠭᠰᠠᠨ ᠨᠢ᠂ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠡᠪᠴᠢᠶᠡᠵᠢᠯ ᠤᠨ ᠴᠢᠨᠠᠷᠲᠠᠶ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠷ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠬᠤ ᠶᠠᠪᠤᠳᠠᠯ ᠢ ᠬᠠᠮᠤᠭ ᠤᠨ ᠲᠤᠯᠭᠠᠮ᠎ᠠ ᠡᠭᠦᠷᠭᠡ ᠪᠣᠯᠭᠠᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠵᠦ ᠶᠠᠳᠠᠭᠤᠷᠠᠬᠤ ᠶᠢ ᠬᠥᠳᠡᠯᠦᠩᠭᠦᠶ ᠪᠠᠷ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠵᠤ᠂ ᠬᠥᠳᠡᠭᠡ ᠲᠣᠰᠬᠤᠨ ᠤ ᠤᠨᠴᠠᠯᠢᠬᠳᠤ ᠳᠠᠪᠠᠭᠤᠯᠢᠭ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠶᠢ ᠰᠠᠶᠢᠲᠤᠷ ᠬᠢᠵᠦ᠂ ᠣᠨᠳᠣᠣ ᠭᠠᠵᠠᠷ ᠨᠡᠭᠦᠯᠭᠡᠭᠰᠡᠨ ᠤ ᠳᠠᠷᠠᠭᠠᠬᠢ ᠲᠡᠳᠬᠦᠮᠵᠢ ᠶᠢ ᠴᠢᠩᠭᠠᠳᠬᠠᠵᠤ᠂ ᠨᠡᠶᠢᠭᠡᠮ ᠤᠨ ᠬᠠᠪᠰᠤᠷᠤᠨ ᠲᠡᠳᠬᠦᠬᠦ ᠶᠢ ᠰᠢᠨ᠎ᠡ ᠶᠢ ᠡᠭᠦᠳᠦᠨ ᠠᠬᠢᠭᠤᠯᠵᠤ᠂ ᠪᠡᠯᠡ ᠮᠥᠩᠭᠦ ᠶᠢᠨ ᠲᠦᠷᠦᠯ ᠵᠦᠢᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠪᠠ ᠶᠠᠳᠠᠭᠤ ᠶᠢ ᠰᠡᠷᠭᠡᠶᠢᠯᠡᠬᠦ ᠳᠠᠭᠠᠳᠬᠠᠯ ᠤᠨ ᠠᠵᠢᠯ ᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠢ ᠳᠡᠮᠵᠢᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠤ ᠵᠠᠰᠠᠯᠲᠠ ᠶᠢ ᠡᠮᠬᠢ ᠵᠢᠷᠤᠮ ᠲᠠᠢ ᠠᠬᠢᠭᠤᠯᠵᠤ᠂ ᠤᠯᠤᠰ ᠤᠨ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠬᠦ ᠠᠵᠢᠯ ᠢ ᠪᠦᠬᠦ ᠬᠦᠴᠦᠨ ᠢᠶᠠᠷ ᠢᠶᠠᠨ ᠬᠠᠮᠵᠢᠯᠴᠠᠨ ᠰᠠᠶᠢᠲᠤᠷ ᠬᠢᠵᠦ᠂ ᠪᠦᠬᠦᠯᠢ ᠴᠣᠭᠴᠠ ᠶᠢᠨ ᠠᠵᠢᠯ ᠤᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ ᠭᠡᠪᠡ᠃      ᠬᠤᠷᠠᠯ ᠠᠴᠠ᠂ ᠲᠠᠪᠤᠨ ᠱᠠᠲᠤᠨ ᠤ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠳᠬᠤᠬᠤ ᠬᠠᠷᠢᠭᠤᠴᠠᠯᠭ᠎ᠠ ᠶᠢᠨ ᠲᠦᠷᠢᠮ ᠢ ᠴᠢᠩᠭᠠᠳᠬᠠᠵᠤ᠂ ᠠᠵᠢᠯ ᠤᠨ ᠰᠢᠰᠲ᠋ᠧᠮ ᠢ ᠰᠢᠯᠤᠭᠤᠳᠬᠠᠵᠤ᠂ ᠬᠢᠨᠠᠨ ᠵᠢᠯᠣᠭᠤᠳᠴᠤ ᠬᠢᠨᠠᠨ ᠰᠢᠯᠭᠠᠵᠤ ᠦᠷ᠎ᠡ ᠪᠦᠲᠦᠮᠵᠢ ᠶᠢ ᠠᠰᠠᠭᠤᠬᠤ ᠶᠢ ᠴᠢᠩᠳᠠᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠨᠠᠶᠢᠳᠠᠪᠤᠷᠢᠵᠢᠭᠤᠯᠬᠤ ᠶᠢ ᠠᠳᠬᠤᠬᠤ ᠴᠢᠳᠠᠪᠤᠷᠢ ᠪᠣᠯᠤᠨ ᠲᠦᠪᠰᠢᠨ ᠢ ᠳᠡᠭᠡᠭᠰᠢᠯᠡᠭᠦᠯᠵᠦ᠂ ᠪᠦᠲᠦᠮᠵᠢᠲᠡᠢ ᠵᠣᠯᠭᠠᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃      ᠠᠬᠢᠭᠤᠯᠬᠤ ᠬᠤᠷᠠᠯ ᠢ ᠸᠢᠳᠢᠣ᠋ ᠶᠢᠨ ᠬᠡᠯᠪᠡᠷᠢ ᠪᠠᠷ ᠬᠤᠷᠠᠯᠳᠤᠭᠤᠯᠪᠠ᠃ ᠰᠢᠶᠠᠨ ᠤ ᠤᠳᠤᠷᠢᠳᠤᠯᠭ᠎ᠠ ᠰᠢᠶᠧ ᠴᠦᠨ ᠯᠦᠩ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠮᠠᠨ ᠤ ᠰᠢᠶᠠᠨ ᠤ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1