ᠲᠣᠭᠲᠠᠬᠤ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠠᠷᠠᠳ ᠤᠨ ᠡᠷᠡᠭᠦᠯ ᠮᠡᠨᠳᠦ ᠠᠮᠢᠳᠤᠷᠠᠯ ᠤᠨ ᠠᠷᠭ᠎ᠠ ᠮᠠᠶ᠋ᠢᠭ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/9/17
      ᠪᠦᠬᠦ ᠠᠷᠠᠳ ᠤᠨ ᠡᠷᠡᠭᠦᠯ ᠮᠡᠨᠳᠦ ᠠᠮᠢᠳᠤᠷᠠᠯ ᠤᠨ ᠠᠷᠭ᠎ᠠ ᠮᠠᠶ᠋ᠢᠭ ᠤᠨ ᠠᠵᠢᠯᠯᠠᠭ᠎ᠠ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠦᠯᠦᠭᠡ᠂ 9 ᠳ᠋ᠤᠭᠡᠷ ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠲᠣᠭᠲᠠᠬᠤ ᠰᠢᠶᠠᠨ ᠤ ᠡᠳ᠋ ᠤᠨ ᠵᠠᠰᠠᠭ ᠤᠨ ᠲᠤᠪᠴᠢᠶ᠎ᠠ᠂ ᠲᠣᠭᠲᠠᠬᠤ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠣᠭᠲᠠᠬᠤ ᠰᠢᠶᠠᠨ ᠤ ᠡᠮᠨᠡᠯᠭᠡ ᠶᠢᠨ ᠬᠤᠷᠢᠶ᠎ᠠ᠂ ᠲᠣᠭᠲᠠᠬᠤ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠵᠡᠷᠭᠡ ᠨᠢᠭᠡᠴᠢ ᠲᠠᠢ ᠬᠠᠮᠲᠤᠷᠠᠨ᠂ ︽ᠭᠤᠷᠪᠠ ᠶᠢ ᠪᠠᠭᠠᠰᠬᠠᠵᠤ ᠭᠤᠷᠪᠠ ᠶᠢ ᠴᠢᠭᠢᠷᠠᠭᠵᠢᠭᠤᠯᠬᠤ︾᠂ ︽ᠬᠥᠳᠡᠯᠭᠡᠭᠡᠨ ᠬᠢᠬᠦ ᠳᠤᠷᠠᠲᠠᠢ᠂  ᠵᠤᠬᠢᠰᠳᠠᠢ ᠤᠨᠲᠠᠬᠤ︾᠂ ︽ᠬᠥᠮᠦᠨ ᠪᠦᠬᠦᠨ ᠬᠥᠳᠡᠯᠦᠯᠴᠡᠵᠦ᠂ ᠪᠦᠬᠦ ᠠᠷᠠᠳ ᠢᠶᠠᠷ ᠢᠶᠠᠨ ᠳᠠᠪᠤᠰᠤ ᠶᠢ ᠬᠢᠵᠠᠭᠠᠷᠯᠠᠬᠤ︾ ᠵᠡᠷᠭᠡ ᠠᠯᠢ ᠤᠯᠠᠨ ᠡᠷᠡᠭᠦᠯ ᠮᠡᠨᠳᠦ ᠠᠮᠢᠳᠤᠷᠠᠯ ᠤᠨ ᠠᠷᠭ᠎ᠠ ᠬᠡᠯᠪᠡᠷᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠡᠢ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ᠂ ᠡᠯ᠎ᠡ ᠨᠢᠭᠡᠴᠢ ᠶᠢᠨ ᠬᠢᠨ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠴᠢᠰᠤᠨ ᠳᠠᠷᠤᠯᠲᠠ ᠶᠢ ᠦᠨ᠎ᠡ ᠲᠥᠯᠥᠪᠦᠷᠢ ᠦᠭᠡᠶ ᠪᠠᠷ ᠬᠡᠮᠵᠢᠬᠦ᠂ ᠡᠷᠡᠭᠦᠯ ᠮᠡᠨᠳᠦ ᠶᠢᠨ ᠯᠠᠪᠯᠠᠯᠲᠠ ᠶᠢᠨ ᠲᠠᠪᠴᠠᠩ ᠭᠠᠷᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ︽ᠢᠳᠡᠭᠡᠨ ᠤᠮᠳᠠᠭᠠᠨ ᠢᠶᠠᠨ ᠵᠣᠬᠢᠰᠲᠠᠶ ᠲᠣᠬᠢᠷᠠᠭᠤᠯᠵᠤ᠂ ᠵᠣᠬᠢᠬᠤ ᠬᠡᠮᠵᠢᠶᠡᠨ ᠤ ᠬᠥᠳᠡᠯᠭᠡᠭᠡᠨ ᠬᠢᠬᠦ︾ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠢ ᠥᠷᠭᠡᠨ ᠢᠶᠠᠷ ᠤᠬᠠᠭᠤᠯᠤᠭᠰᠠᠨ ᠪᠥᠭᠡᠳ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ ᠵᠡᠷᠭᠡ ᠪᠠᠶᠢᠩᠭᠤ ᠲᠣᠬᠢᠶᠠᠯᠳᠤᠬᠤ ᠤᠳᠠᠭᠠᠨ ᠴᠢᠨᠠᠷᠲᠠᠶ ᠡᠪᠡᠳᠴᠢᠨ ᠤ ᠲᠤᠬᠠᠶ ᠮᠡᠳᠡᠯᠭᠡ ᠶᠢ ᠲᠦᠭᠡᠮᠡᠯᠵᠢᠭᠦᠯᠵᠡᠶ᠂ ᠡᠨᠡ ᠤᠳᠠᠭᠠᠨ ᠤ ᠠᠵᠢᠯᠯᠠᠭ᠎ᠠ ᠨᠢ ᠵᠢᠱᠢᠭᠰᠡᠨ ᠵᠣᠷᠢᠯᠭ᠎ᠠ ᠳᠠᠭᠠᠨ ᠬᠦᠷᠴᠦ᠂ ᠥᠷᠭᠡᠨ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1