ᠮᠠᠨ ᠤ ᠰᠢᠶᠠᠨ ᠰᠢᠶᠠᠨ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠬᠤᠷᠠᠯ ᠵᠢᠴᠢ ᠬᠤᠭᠤᠴᠠᠭ᠎ᠠ ᠰᠣᠯᠢᠬᠤ ᠠᠵᠢᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/17
      9 ᠳ᠋ᠤᠭᠡᠷ ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠲᠣᠭᠲᠠᠬᠤ ᠰᠢᠶᠠᠨ ᠰᠢᠶᠠᠨ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠬᠤᠷᠠᠯ ᠵᠢᠴᠢ ᠬᠤᠭᠤᠴᠠᠭ᠎ᠠ ᠰᠣᠯᠢᠬᠤ ᠠᠵᠢᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃ ᠰᠢᠶᠠᠨ ᠤ ᠤᠳᠤᠷᠢᠳᠤᠯᠭ᠎ᠠ ᠭᠤᠤ ᠵᠧᠩ᠂ ᠶᠦᠨ ᠷᠦᠢ ᠵᠢᠶᠦ᠋ᠨ᠂ ᠸᠠᠩ ᠮᠢᠩ᠂ ᠰᠦᠨ ᠬᠠᠢ ᠱᠧᠩ᠂ ᠵᠢᠢ ᠶᠠ ᠨᠠᠨ᠂ ᠤᠶᠤᠨᠴᠡᠴᠡᠭ᠂ ᠸᠧᠨ ᠵᠢᠶᠠᠩ ᠬᠠᠢ᠂ ᠠᠵᠤ ᠦᠢᠯᠡᠳᠪᠦᠷᠢ ᠶᠢᠨ ᠬᠦᠷᠢᠶᠡᠯᠡᠩ ᠤᠨ ᠨᠠᠮ ᠤᠨ ᠠᠵᠢᠯᠯᠠᠬᠤ  ᠬᠤᠷᠥᠶ᠎ᠠ ᠶᠢᠨ ᠱᠦᠵᠢ ᠭᠦᠸᠧ ᠬᠠᠢ ᠵᠢᠶᠦ᠋ᠨ᠂ ᠰᠢᠶᠠᠨ ᠤ ᠬᠤᠭᠤᠴᠠᠭ᠎ᠠ ᠰᠣᠯᠢᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠲᠣᠭᠲᠠᠬᠤ ᠠᠵᠤ ᠦᠢᠯᠡᠳᠪᠦᠷᠢ ᠶᠢᠨ ᠬᠦᠷᠢᠶᠡᠯᠡᠩ᠂ ᠡᠯ᠎ᠡ ᠠᠷᠠᠳ ᠤᠨ ᠪᠦᠯᠬᠦᠮ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠠᠷᠢᠭᠤᠴᠠᠯᠭᠠᠲᠠᠨ᠂ ᠵᠢᠭᠠᠨ ᠵᠢᠯᠣᠭᠤᠳᠴᠤ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠪᠦᠬᠦ ᠪᠦᠷᠢᠯᠳᠦᠬᠦᠨ ᠬᠤᠷᠠᠯ ᠳᠤ ᠣᠷᠣᠯᠴᠠᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠰᠢᠶᠦ᠋ᠨ ᠬᠤᠷᠠᠯ ᠢ ᠡᠷᠬᠢᠯᠡᠪᠡ᠃      ᠬᠤᠷᠠᠯ ᠳᠡᠭᠡᠷ᠎ᠡ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠧᠨ ᠵᠢᠶᠠᠩ ᠬᠠᠢ ︽ᠲᠣᠭᠲᠠᠬᠤ ᠰᠢᠶᠠᠨ ᠤ ᠰᠢᠶᠠᠨ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠲᠥᠰᠦᠯ︾ ᠢ ᠤᠩᠰᠢᠨ ᠨᠡᠶᠢᠲᠡᠯᠡᠭᠰᠡᠨ ᠪᠥᠭᠡᠳ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ︔ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠰᠦᠨ ᠬᠠᠶ ᠱᠧᠩ ︽ᠰᠢᠶᠠᠨ ᠪᠠᠯᠭᠠᠰᠤᠨ ᠤ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠳᠤ ᠲᠣᠬᠢᠷᠠᠭᠤᠯᠤᠯᠲᠠ ᠬᠢᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠲᠠᠬᠤ ᠰᠢᠶᠠᠨ ᠤ ᠬᠤᠷᠢᠶᠠᠨ ᠤ ᠮᠡᠳᠡᠭᠳᠡᠯ︾ ᠢ ᠤᠩᠰᠢᠨ ᠨᠡᠶᠢᠲᠡᠯᠡᠪᠡ︔ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠸᠠᠩ ᠮᠢᠩ ᠰᠢᠶᠠᠨ ᠤ ᠨᠠᠮ ᠤᠨ ᠬᠤᠷᠢᠶᠠᠨ ᠤ ᠡᠮᠦᠨ᠎ᠡ ᠠᠴᠠ ᠬᠤᠭᠤᠴᠠᠭ᠎ᠠ ᠰᠣᠯᠢᠬᠤ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠬᠤ᠂ ᠬᠠᠷᠢᠭᠤᠴᠠᠯᠭ᠎ᠠ ᠶᠢᠨ ᠬᠠᠷᠠᠯᠲᠠ ᠶᠢ ᠴᠢᠩᠭ᠎ᠠ ᠪᠣᠳᠠᠲᠠᠶᠢᠵᠢᠭᠤᠯᠬᠤ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠴᠠᠶ᠃
     ᠬᠤᠷᠠᠯ ᠠᠴᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠪᠣᠯ ᠨᠢᠭᠡ ᠵᠦᠢᠯ ᠤᠨ ᠲᠥᠪ ᠴᠢᠩᠭ᠎ᠠ ᠤᠯᠤᠰ ᠲᠦᠷᠦ ᠶᠢᠨ ᠡᠭᠦᠷᠭᠡ ᠪᠣᠯᠤᠨ᠎ᠠ᠂ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠦᠨᠳᠦᠰᠦᠨ ᠵᠠᠷᠴᠢᠮ ᠢ ᠴᠢᠩᠭ᠎ᠠ ᠵᠢᠷᠤᠮᠯᠠᠵᠤ᠂ ᠠᠷᠠᠳᠴᠢᠯᠠᠯ ᠢ ᠭᠦᠢᠴᠡᠳ ᠪᠠᠳᠠᠷᠠᠭᠤᠯᠵᠤ᠂ ᠬᠠᠤᠯᠢ ᠶᠢ ᠴᠢᠩᠭ᠎ᠠ ᠵᠢᠷᠤᠮᠯᠠᠨ ᠠᠵᠢᠯᠯᠠᠵᠤ᠂ ᠰᠣᠩᠭᠤᠭᠤᠯᠢ ᠶᠢᠨ ᠠᠷᠠᠳ ᠪᠣᠯᠤᠨ ᠲᠥᠯᠥᠭᠡᠯᠡᠭᠴᠢᠳ ᠤᠨ ᠬᠠᠤᠯᠢ ᠶᠣᠰᠣᠭᠠᠷ ᠠᠷᠠᠳᠴᠢᠯᠠᠯ ᠤᠨ ᠡᠷᠬᠡ ᠪᠠᠨ ᠬᠡᠷᠡᠭᠵᠢᠭᠦᠯᠬᠦ ᠶᠢ ᠦᠨᠡᠨᠬᠦ ᠪᠠᠲᠤᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠡᠯ᠎ᠡ ᠵᠦᠢᠯ ᠤᠨ ᠠᠵᠢᠯ ᠢ ᠴᠢᠨᠠᠷ ᠰᠠᠶᠢᠲᠠᠢ ᠠᠬᠢᠭᠤᠯᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠵᠦ ᠵᠢᠭᠠᠨ ᠭᠠᠷᠭᠠᠪᠠ᠃      ᠬᠤᠷᠠᠯ ᠠᠴᠠ᠂ ᠲᠥᠯᠥᠭᠡᠯᠡᠭᠴᠢᠳ ᠤᠨ ᠪᠦᠲᠦᠴᠡ ᠶᠢ ᠰᠢᠯᠢᠳᠡᠭᠵᠢᠭᠦᠯᠵᠦ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠪᠣᠯᠤᠨ ᠡᠯ᠎ᠡ ᠡᠲᠡᠭᠡᠳ ᠤᠨ ᠢᠯᠭᠠᠯ ᠤᠨ ᠲᠥᠯᠥᠭᠡᠯᠡᠭᠴᠢ ᠶᠢᠨ ᠬᠠᠷᠢᠴᠠᠯ ᠢ ᠪᠠᠲᠤᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠥᠷᠭᠡᠨ ᠳᠡᠯᠭᠡᠷ ᠴᠢᠨᠠᠷ ᠪᠣᠯᠤᠨ ᠲᠥᠯᠥᠭᠡᠯᠡᠬᠦ ᠴᠢᠨᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ︔ ᠤᠬᠠᠭᠤᠯᠵᠤ ᠬᠥᠲᠥᠯᠥᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠲᠤᠬᠠᠶ ᠬᠠᠤᠯᠢ ᠴᠠᠭᠠᠵᠠ ᠬᠠᠤᠯᠢ ᠲᠣᠭᠲᠠᠭᠠᠯ ᠢ ᠬᠦᠴᠦᠯᠡᠨ ᠤᠬᠠᠭᠤᠯᠵᠤ᠂ ᠠᠷᠠᠳ ᠤᠯᠠᠨ ᠢ ᠭᠦᠢᠴᠡᠳ ᠣᠷᠣᠯᠴᠠᠭᠤᠯᠵᠤ᠂ ᠬᠤᠭᠤᠴᠠᠭ᠎ᠠ ᠰᠣᠯᠢᠬᠤ ᠰᠣᠩᠭᠤᠭᠤᠯᠢ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ︔ ᠬᠤᠭᠤᠴᠠᠭ᠎ᠠ ᠰᠣᠯᠢᠬᠤ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠳᠡᠭᠡᠳᠦ ᠱᠠᠲᠤᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠲᠤᠬᠠᠢ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠬᠤᠭᠤᠴᠠᠭ᠎ᠠ ᠰᠣᠯᠢᠬᠤ ᠠᠵᠢᠯ ᠤᠨ ᠲᠥᠪ ᠴᠢᠬᠡᠴᠢ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ︔ ᠰᠢᠶᠠᠨ ᠤ ᠨᠠᠮ ᠤᠨ ᠬᠤᠷᠢᠶ᠎ᠠ ᠠᠴᠠ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ᠂ ᠰᠠᠯᠠᠭ᠎ᠠ ᠮᠥᠴᠢᠷ ᠤᠨ ᠬᠢᠨ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠵᠠᠷᠴᠢᠮ ᠢ ᠪᠠᠷᠢᠮᠲᠠᠯᠠᠵᠤ᠂ ᠠᠵᠢᠯ ᠤᠨ ᠬᠠᠷᠢᠭᠤᠴᠠᠯᠭ᠎ᠠ ᠪᠠᠨ ᠪᠠᠲᠤᠳᠬᠠᠵᠤ᠂ ᠨᠠᠷᠢᠨ ᠨᠢᠮᠪᠠᠢ ᠲᠤᠬᠢᠷᠠᠭᠤᠯᠤᠨ ᠪᠠᠶᠢᠷᠢᠯᠠᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠨᠢᠭᠲᠠ ᠬᠠᠮᠵᠢᠯᠴᠠᠵᠤ᠂ ᠮᠠᠨ ᠤ ᠰᠢᠶᠠᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠵᠤ᠂ ᠮᠠᠨ ᠤ ᠰᠢᠶᠠᠨ ᠤ ᠴᠢᠨᠠᠷ ᠰᠠᠶᠢᠲᠠᠢ ᠬᠥᠭᠵᠢᠯᠲᠡ ᠳᠤ ᠨᠡᠩ ᠤᠯᠠᠨ ᠤᠶᠤᠨ ᠤᠬᠠᠭᠠᠨ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃      ᠲᠠᠷᠠᠭ᠎ᠠ ᠨᠢ ᠪᠣᠯᠪᠠᠰᠤᠷᠠᠯ ᠤᠨ ᠬᠤᠷᠠᠯ ᠬᠢᠵᠦ᠂ ᠪᠣᠳᠠᠲᠤ ᠵᠢᠱᠢᠶ᠎ᠡ ᠶᠢ ᠵᠠᠳᠠᠯᠬᠤ᠂ ᠠᠵᠢᠯᠯᠠᠬᠤ ᠶᠠᠪᠤᠴᠠ ᠶᠢᠨ ᠨᠠᠷᠢᠨ ᠵᠦᠢᠯᠡᠰ ᠢ ᠵᠠᠳᠠᠯᠬᠤ ᠵᠡᠷᠭᠡ ᠠᠷᠭ᠎ᠠ ᠪᠠᠷ ᠣᠷᠣᠨ ᠲᠤᠭ᠎ᠠ ᠶᠢ ᠬᠤᠪᠢᠶᠠᠷᠢᠯᠠᠬᠤ᠂ ᠰᠣᠩᠭᠤᠭᠤᠯᠢ ᠶᠢᠨ ᠲᠣᠭᠤᠷᠢᠭ ᠢ ᠬᠤᠪᠢᠶᠠᠷᠢᠯᠠᠬᠤ ᠵᠢᠴᠢ ᠨᠡᠷ᠎ᠡ ᠰᠣᠩᠭᠤᠬᠤ ᠶᠢ ᠳᠠᠩᠰᠠᠯᠠᠬᠤ ᠵᠡᠷᠭᠡ ᠲᠠᠯ᠎ᠠ ᠪᠠᠷ ᠨᠠᠷᠢᠨ ᠲᠣᠳᠣᠷᠬᠠᠢ ᠵᠢᠭᠠᠨ ᠵᠢᠯᠣᠭᠤᠳᠴᠤ ᠲᠣᠳᠣᠷᠬᠠᠶᠢᠯᠠᠵᠠᠢ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1