ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠲᠣᠭᠲᠠᠬᠤ ᠰᠢᠶᠠᠨ ᠤ 2021 ᠣᠨ ᠤ ᠳᠣᠤᠷ᠎ᠠ ᠬᠠᠭᠠᠰ ᠵᠢᠯ ᠳᠤ ᠰᠢᠨ᠎ᠡ ᠴᠡᠷᠢᠭ ᠮᠣᠷᠳᠠᠭᠤᠯᠬᠤ ᠶᠠᠷᠢᠯᠴᠠᠭᠠᠨ ᠤ ᠬᠤᠷᠠᠯ ᠬᠢᠪᠠ
ᠨᠡᠶᠢᠲᠡᠯᠡᠭᠰᠡᠨ ᠴᠠᠭ᠄
2021/9/19
     9 ᠳ᠋ᠤᠭᠡᠷ ᠰᠠᠷ᠎ᠠ ᠶᠢᠨ 15 ᠤ ᠡᠳᠦᠷ᠂ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠬᠠᠮᠲᠤᠷᠠᠨ 2021 ᠣᠨ ᠤ ᠳᠣᠤᠷ᠎ᠠ ᠬᠠᠭᠠᠰ ᠵᠢᠯ ᠤᠨ ᠰᠢᠨ᠎ᠡ ᠴᠡᠷᠢᠭ ᠮᠣᠷᠳᠠᠭᠤᠯᠬᠤ ᠶᠠᠷᠢᠯᠴᠠᠭᠠᠨ ᠤ ᠬᠤᠷᠠᠯ ᠬᠢᠵᠦ᠂ ᠲᠡᠳᠡᠨ ᠤ ᠴᠡᠷᠢᠭ ᠤᠨ ᠠᠯᠪᠠᠨ ᠠᠴᠠ ᠡᠮᠦᠨᠡᠬᠢ ᠪᠣᠯᠪᠠᠰᠤᠷᠠᠯ ᠤᠨ ᠳᠤᠮᠳᠠᠬᠢ ᠠᠮᠢᠳᠤᠷᠠᠯ ᠪᠠ ᠪᠡᠶ᠎ᠡ ᠮᠠᠬᠠᠪᠣᠳ ᠤᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠰᠢᠨ᠎ᠡ ᠴᠡᠷᠢᠭ ᠲᠤ ᠢᠷᠥᠭᠡᠯ ᠳᠡᠪᠰᠢᠭᠦᠯᠵᠦ᠂ ᠰᠢᠨ᠎ᠡ ᠴᠡᠷᠢᠭ ᠤᠨ ︽ᠰᠠᠶᠢᠨ ᠠᠯᠬᠤᠮ ᠢᠶᠠᠨ ᠡᠬᠢᠯᠡᠭᠦᠯᠵᠦ᠂ ᠴᠡᠷᠢᠭ ᠠᠩᠭᠢ ᠶᠢᠨ ᠠᠩᠬᠠᠨ ᠤ ᠠᠯᠬᠤᠮ ᠢᠶᠠᠨ ᠰᠠᠶᠢᠨ ᠠᠯᠬᠤᠬᠤ︾ ᠲᠥᠷᠥ ᠶᠢᠨ ᠪᠣᠳᠣᠯᠭ᠎ᠠ ᠶᠢ ᠲᠠᠶᠢᠪᠦᠷᠢᠯᠡᠵᠦ᠂ ᠬᠠᠶᠢᠷ᠎ᠠ ᠬᠠᠯᠠᠮᠵᠢ  ᠬᠦᠷᠳᠡᠭᠡᠵᠦ᠂  ᠴᠢᠭᠯᠡᠯ ᠢ ᠵᠢᠭᠠᠵᠤ᠂ ᠢᠲᠡᠭᠡᠯ ᠵᠣᠷᠢᠭ ᠢ ᠨᠡᠮᠡᠭᠳᠡᠭᠦᠯᠪᠡ᠃
     ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠬᠠᠨ ᠵᠧᠨ ᠸᠧᠢ ᠱᠠᠳᠤ ᠱᠠᠳᠤ ᠪᠠᠷ ᠰᠢᠯᠢᠨ ᠰᠣᠩᠭᠤᠵᠤ ᠢᠷᠠᠭᠤ ᠠᠯᠳᠠᠷᠲᠠᠢ ᠪᠠᠷ ᠴᠡᠷᠢᠭ ᠲᠤ ᠡᠯᠰᠡᠭᠳᠡᠭᠰᠡᠨ ᠰᠢᠨ᠎ᠡ ᠴᠡᠷᠢᠭ ᠨᠥᠬᠦᠳ ᠲᠤ ᠬᠠᠯᠠᠭᠤᠨ ᠪᠠᠶᠠᠷ ᠬᠦᠷᠭᠡᠵᠦ᠂ ᠲᠡᠳᠡᠨ ᠤ ᠠᠵᠠ ᠲᠣᠬᠢᠶᠠᠯ ᠢ ᠨᠠᠨᠳᠢᠩᠨᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠢᠷᠠᠭᠤ ᠠᠯᠳᠠᠷ ᠢ ᠲᠡᠮᠡᠴᠡᠨ ᠤᠯᠬᠤ ᠶᠢ ᠬᠦᠰᠡᠪᠡ᠃ ᠡᠭᠦᠨ ᠤ ᠬᠠᠮᠲᠤ ᠰᠢᠨ᠎ᠡ ᠴᠡᠷᠢᠭ ᠤᠳ ᠢ ᠬᠠᠤᠯᠢ ᠶᠣᠰᠣᠭᠠᠷ ᠴᠡᠷᠢᠭ ᠤᠨ ᠠᠯᠪᠠ ᠬᠠᠭᠠᠵᠤ᠂ ᠴᠢᠷᠮᠠᠶᠢᠨ ᠰᠤᠷᠤᠯᠴᠠᠵᠤ᠂ ᠰᠢᠷᠭᠠᠭᠤ ᠪᠣᠯᠪᠠᠰᠤᠷᠠᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠶᠢ ᠰᠠᠬᠢᠵᠤ᠂ ᠬᠢᠷᠢ ᠲᠡᠩᠴᠡᠭᠰᠡᠨ ᠪᠠᠶᠢᠯᠳᠤᠭᠴᠢ ᠪᠣᠯᠬᠤ ᠪᠠᠷ ᠴᠢᠷᠮᠠᠶᠢᠵᠤ᠂ ᠠᠯᠢ ᠲᠦᠷᠭᠡᠨ ᠢᠶᠠᠷ ᠶᠣᠰᠣ ᠮᠣᠷᠠᠯ ᠲᠠᠢ᠂ ᠬᠡᠪ ᠪᠣᠯᠪᠠᠰᠤᠷᠠᠯ ᠲᠠᠢ᠂ ᠤᠷ᠎ᠠ ᠴᠢᠳᠠᠪᠤᠷᠢ ᠲᠠᠢ᠂ ᠡᠷᠳᠡᠮ ᠴᠢᠳᠠᠪᠤᠷᠢ ᠲᠠᠢ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠪᠤᠯᠤᠭᠠᠷᠠᠢ ᠭᠡᠵᠦ ᠱᠠᠭᠠᠷᠳᠠᠪᠠ᠃
     ᠰᠢᠶᠠᠨ ᠤ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠴᠡᠷᠢᠭ ᠢᠶᠠᠨ ᠬᠦᠷᠢᠶᠡᠯᠡᠬᠦ ᠠᠰᠠᠷᠠᠮᠵᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠶᠠᠪᠤᠳᠠᠯ ᠢ ᠭᠤᠣᠯ ᠬᠠᠷᠢᠭᠤᠴᠠᠯᠭ᠎ᠠ ᠭᠤᠣᠯ ᠠᠵᠢᠯ ᠢᠶᠠᠨ ᠪᠣᠯᠭᠠᠵᠤ᠂ ᠬᠠᠷᠠᠭᠠᠯᠵᠠᠬᠤ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠴᠡᠷᠢᠭ ᠤᠨ ᠬᠥᠮᠦᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ᠂ ᠴᠡᠷᠢᠭ ᠤᠨ ᠠᠯᠪᠠᠨ ᠠᠴᠠ ᠪᠠᠭᠤᠭᠰᠠᠳ ᠢ ᠲᠥᠪᠬᠢᠨᠡᠭᠦᠯᠬᠦ ᠶᠠᠪᠤᠳᠠᠯ ᠤᠨ ᠨᠠᠶᠢᠳᠠᠪᠤᠷᠢᠵᠢᠭᠤᠯᠤᠯᠲᠠ ᠶᠢ ᠢᠳᠡᠪᠬᠢᠲᠡᠢ ᠰᠠᠶᠢᠲᠤᠷ ᠠᠳᠬᠤᠵᠤ᠂ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠡᠯ᠎ᠡ ᠵᠦᠢᠯ ᠤᠨ ᠬᠡᠯᠪᠡᠷᠢ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠴᠡᠷᠢᠭ ᠤᠨ ᠭᠡᠷ ᠪᠦᠯᠢ ᠶᠢ ᠬᠠᠯᠠᠮᠵᠢᠯᠠᠨ ᠬᠠᠪᠰᠤᠷᠴᠤ ᠪᠠᠶᠢᠭᠠᠳ ᠠᠮᠢᠳᠤᠷᠠᠯ ᠤᠨ ᠳᠤᠮᠳᠠ ᠲᠤᠯᠭᠠᠷᠠᠭᠰᠠᠨ ᠪᠣᠳᠠᠲᠠᠢ ᠬᠦᠴᠢᠷᠳᠡᠯ ᠪᠠ ᠠᠰᠠᠭᠤᠳᠠᠯ ᠢ ᠨᠢ ᠴᠢᠷᠮᠠᠶᠢᠨ ᠰᠢᠢᠳᠪᠦᠷᠢᠯᠡᠵᠦ᠂ ᠴᠡᠷᠢᠭ ᠬᠥᠮᠦᠨ ᠴᠡᠷᠢᠭ ᠤᠨ ᠭᠡᠷ ᠪᠦᠯᠢ ᠶᠢᠨ ᠬᠢᠨ ᠤ ᠬᠤᠶᠢᠰᠢᠳᠠ ᠶᠢᠨ ᠵᠣᠪᠠᠨᠢᠯ ᠢ ᠨᠢ ᠰᠢᠢᠳᠪᠦᠷᠢᠯᠡᠵᠦ ᠦᠭᠬᠦ ᠪᠤᠯᠤᠨ᠎ᠠ᠃
 
ᠢᠷᠡᠯᠲᠡ᠄ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1