ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠠᠴᠠ ᠡᠮᠦᠨᠡᠬᠢ ᠢᠳᠡᠭᠡᠨ ᠤ  ᠵᠦᠢᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠳᠤ ᠶᠡᠭᠡ ᠪᠠᠶᠢᠴᠠᠭᠠᠯᠳᠠ ᠬᠢᠪᠡ
ᠨᠡᠶᠢᠲᠡᠯᠡᠭᠰᠡᠨ ᠴᠠᠭ᠄
2021/9/19
      ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠠᠴᠠ ᠡᠮᠦᠨᠡᠬᠡᠨ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠢᠳᠡᠭᠡᠨ ᠤ ᠵᠠᠬ᠎ᠠ ᠳᠡᠯᠭᠡᠭᠦᠷ ᠤᠨ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢᠨ ᠠᠵᠢᠯ ᠢ ᠦᠷᠭᠦᠯᠵᠢᠯᠡᠨ ᠥᠷᠨᠢᠭᠦᠯᠵᠦ᠂ ᠤᠯᠠᠨ ᠲᠦᠮᠡᠨ ᠤ ᠠᠮᠤᠷ ᠲᠦᠪᠰᠢᠨ ᠰᠠᠨᠠᠭ᠎ᠠ ᠠᠮᠤᠷ ᠢᠳᠡᠭᠡᠨ ᠣᠯᠵᠤ ᠢᠳᠡᠬᠦ ᠶᠢ ᠪᠠᠲᠤᠯᠠᠵᠠᠢ᠃
     ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠶᠧᠪᠡᠩ ᠪᠣᠯᠪᠠᠰᠤᠷᠠᠭᠤᠯᠬᠤ ᠵᠢᠵᠢᠭ ᠦᠢᠯᠡᠳᠭᠡᠯ ᠤᠨ ᠭᠠᠵᠠᠷ᠂ ᠵᠢᠵᠢᠭ ᠳᠡᠯᠭᠡᠭᠦᠷᠴᠢᠨ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠦᠨᠡᠮᠯᠡᠯ ᠲᠠᠢ ᠪᠠᠶᠢᠳᠠᠯ᠂ ᠠᠵᠢᠯᠲᠠᠨ ᠵᠢᠴᠢ ᠲᠠᠯᠠᠪᠤᠷ ᠭᠠᠵᠠᠷ ᠤᠨ ᠠᠷᠢᠭᠤᠨ ᠴᠡᠪᠡᠷ ᠤᠨ ᠪᠠᠶᠢᠳᠠᠯ᠂ ᠲᠦᠭᠦᠬᠡᠶ ᠮᠠᠲ᠋ᠧᠷᠢᠶᠠᠯ ᠬᠤᠳᠠᠯᠳᠤᠨ ᠠᠪᠴᠤ ᠰᠢᠯᠭᠠᠨ ᠠᠪᠤᠭᠰᠠᠨ ᠪᠠᠶᠢᠳᠠᠯ᠂ ᠢᠳᠡᠭᠡᠨ ᠤ ᠨᠡᠮᠡᠯᠲᠡ ᠡᠳ᠋ ᠢ ᠬᠡᠷᠡᠭᠯᠡᠭᠰᠡᠨ ᠪᠠᠶᠢᠳᠠᠯ ᠳᠤ ᠭᠤᠤᠯᠳᠠᠯᠭ᠎ᠠ ᠲᠠᠢ ᠪᠠᠷ ᠪᠠᠶᠢᠴᠠᠭᠠᠪᠠ᠃
     ᠬᠠᠤᠯᠢ ᠬᠡᠷᠡᠭᠵᠢᠭᠦᠯᠬᠦ ᠠᠵᠢᠯᠲᠠᠨ ᠪᠠᠰᠠ ᠲᠣᠮᠣ ᠬᠡᠯᠪᠡᠷᠢ ᠶᠢᠨ ᠬᠤᠳᠠᠯᠳᠤᠭᠠᠨ ᠤ ᠳᠡᠯᠭᠡᠭᠦᠷ᠂ ᠬᠡᠲᠦ ᠳᠡᠯᠭᠡᠭᠦᠷ᠂ ᠪᠠᠭᠤᠳᠠᠯ ᠵᠡᠷᠭᠡ ᠲᠠᠯᠠᠪᠤᠷ ᠲᠤ ᠭᠦᠨᠵᠡᠭᠡᠶᠢᠷᠡᠵᠦ᠂ ᠬᠤᠳᠠᠯᠳᠤᠵᠤ ᠪᠠᠶᠢᠭ᠎ᠠ ᠢᠳᠡᠭᠡᠨ ᠤ ᠪᠣᠭᠤᠳᠠᠯ ᠤᠨ ᠱᠣᠰᠢᠭ᠎ᠠ ᠲᠡᠮᠳᠡᠭ ᠨᠢ ᠪᠦᠷᠢᠨ ᠪᠦᠲᠦᠨ ᠪᠥᠭᠡᠳ ᠵᠢᠷᠤᠮᠵᠢᠯ ᠲᠠᠢ ᠪᠠᠶᠢᠬᠤ ᠡᠰᠡᠬᠦ᠂ ᠬᠤᠳᠠᠯᠳᠤᠨ ᠠᠪᠤᠭᠰᠠᠨ ᠨᠢ ᠰᠢᠭᠠᠯᠳᠠ ᠲᠠᠮᠵᠢᠭᠰᠡᠨ ᠡᠰᠡᠬᠦ᠂ ᠦᠢᠯᠡᠳᠭᠦᠨ ᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠨᠡᠮᠯᠡᠯ ᠪᠠᠶᠢᠬᠤ ᠡᠰᠡᠬᠦ ᠵᠡᠷᠭᠡ ᠶᠢ ᠪᠠᠶᠢᠴᠠᠭᠠᠨ ᠦᠵᠡᠵᠦ᠂ ᠬᠤᠭᠤᠴᠠᠭ᠎ᠠ ᠥᠩᠭᠡᠷᠡᠭᠰᠡᠨ᠂ ᠴᠢᠨᠠᠷ ᠬᠤᠪᠢᠷᠬᠠᠰᠠᠨ᠂ ︽ᠭᠤᠷᠪᠠ ᠥᠬᠡᠶ︾ ᠵᠡᠷᠭᠡ ︽ᠠᠰᠠᠭᠤᠳᠠᠯ︾ ᠲᠠᠢ ᠢᠳᠡᠭᠡᠨ ᠤ ᠵᠠᠬ᠎ᠠ ᠳᠡᠯᠭᠡᠭᠦᠷ ᠲᠤ ᠣᠷᠣᠵᠤ ᠢᠷᠡᠬᠦ ᠶᠢ ᠴᠢᠩᠭ᠎ᠠ ᠰᠡᠷᠭᠡᠶᠢᠯᠡᠪᠡ᠃      ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠠᠰᠠᠭᠤᠳᠠᠯ ᠳᠤ᠂ ᠬᠠᠤᠯᠢ ᠬᠡᠷᠡᠭᠵᠢᠭᠦᠯᠬᠦ ᠠᠵᠢᠯᠲᠠᠨ ᠲᠤᠬᠠᠶ ᠶᠢᠨ ᠲᠠᠯᠠᠪᠤᠷ ᠲᠤᠨᠢ ᠵᠠᠷᠯᠢᠭᠳᠠᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠬᠤᠳᠠᠯᠳᠤᠭᠠᠨ ᠤ ᠡᠷᠦᠬᠡ ᠶᠢ ᠬᠠᠤᠯᠢ ᠲᠣᠭᠲᠠᠭᠠᠯ ᠶᠣᠰᠣᠭᠠᠷ ᠬᠦᠨᠳᠦ ᠪᠠᠷ ᠰᠢᠳᠬᠡᠨ᠎ᠡ᠃
     ᠪᠠᠶᠢᠴᠠᠭᠠᠯᠲᠠ ᠶᠢᠨ ᠳᠤᠮᠳᠠ᠂ ᠠᠵᠢᠯᠲᠠᠳ ᠪᠠᠰᠠ ᠰᠢᠨ᠎ᠡ ︽ᠢᠳᠡᠭᠡᠨ ᠤ ᠠᠮᠤᠷ ᠲᠦᠪᠰᠢᠨ ᠤ ᠬᠠᠤᠯᠢ︾᠂ ︽ᠲᠠᠸᠠᠷ ᠤᠨ ᠲᠡᠮᠳᠡᠭᠲᠦ ᠶᠢᠨ ᠬᠠᠤᠯᠢ︾ ᠵᠡᠷᠭᠡ ᠬᠤᠳᠠᠯᠳᠤᠭᠠᠨ ᠤ ᠡᠷᠦᠬᠡ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠬᠠᠤᠯᠢ ᠲᠣᠭᠲᠠᠭᠠᠯ ᠢ ᠢᠳᠡᠪᠬᠢᠲᠡᠶ ᠤᠬᠠᠭᠤᠯᠵᠤ᠂ ᠬᠤᠳᠠᠯᠳᠤᠭᠠᠨ ᠤ ᠡᠷᠦᠬᠡ ᠶᠢ ᠬᠥᠲᠥᠯᠦᠨ ᠵᠢᠯᠣᠭᠤᠳᠴᠤ ᠪᠠᠶᠢᠭᠠᠳ ᠢᠳᠡᠪᠬᠢᠲᠡᠶ ᠪᠠᠷ ᠬᠠᠤᠯᠢ ᠶᠢ ᠰᠤᠷᠴᠤ ᠬᠠᠤᠯᠢ ᠶᠢ ᠬᠡᠷᠡᠭᠯᠡᠨ᠂ ᠬᠠᠤᠯᠢ ᠶᠣᠰᠣᠭᠠᠷ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠪᠡ︔ ᠡᠭᠦᠨ ᠤ ᠬᠠᠮᠲᠤ᠂ ᠸᠢᠴᠠᠲ ᠤᠨ ᠣᠯᠠᠨ ᠨᠡᠶᠢᠲᠡ ᠶᠢᠨ ᠲᠠᠪᠴᠠᠩ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠢ ᠠᠰᠢᠭᠯᠠᠨ᠂ ᠠᠰᠠᠭᠤᠳᠠᠯ ᠢ ᠢᠯᠡᠴᠢᠯᠡᠬᠦ ᠬᠡᠮᠵᠢᠶ᠎ᠡ ᠪᠠ ᠬᠠᠤᠯᠢ ᠲᠣᠭᠲᠠᠭᠠᠯ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ  ᠪᠤᠯᠭᠠᠪᠠ᠃      ᠡᠭᠦᠨ ᠠᠴᠠ ᠭᠠᠳᠠᠨ᠎ᠠ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂ ᠤᠯᠤᠰ ᠤᠨ ᠪᠠᠶᠠᠷ ᠤᠨ ᠬᠤᠭᠤᠴᠠᠭᠠᠨ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠶᠤᠯᠭᠦᠶ ᠶᠢᠨ ᠪᠠᠶᠢᠴᠠᠭᠠᠯᠲᠠ ᠪᠠ ᠢᠳᠡᠭᠡᠨ ᠤ ᠵᠦᠢᠯ ᠡᠮ ᠲᠠᠩ ᠤᠨ ᠠᠶᠤᠯᠭᠦᠶ ᠶᠢᠨ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠶᠢ ᠳᠣᠪᠤᠶᠢᠯᠭᠠᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1