9 ᠳ᠋ᠤᠭᠡᠷ ᠰᠠᠷ᠎ᠠ ᠶᠢᠨ 19 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ | ᠣᠷᠣᠯᠠᠭᠴᠢ ᠳᠠᠷᠤᠭ᠎ᠠ ᠭᠤᠤ ᠵᠧᠩ ︽ᠬᠤᠶᠠᠷ ᠪᠠᠶᠠᠷ︾ ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ᠂ ᠢᠳᠡᠭᠡᠨ ᠤ ᠠᠮᠤᠷ ᠲᠦᠪᠰᠢᠨ ᠪᠠ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ | ᠲᠣᠭᠲᠠᠪᠤᠷᠢᠵᠢᠭᠤᠯᠬᠤ ᠵᠡᠷᠭᠡ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ | | | | | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠸᠠᠨ ᠰᠢᠩ ᠲᠠᠯᠠᠪᠠᠢ ᠶᠢᠨ ᠵᠧ ᠵᠢᠶᠠ ᠳ᠋ᠦ᠋ ᠬᠡᠳᠦ ᠳᠡᠯᠭᠡᠭᠦᠷ | ᠵᠢᠴᠢ ᠬᠡᠰᠡᠭ ᠡᠮ ᠤᠨ ᠳᠡᠯᠭᠡᠭᠦᠷ ᠲᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ | ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ᠂ ᠵᠢᠮᠢᠰ᠂ ᠠᠮᠤ ᠳᠤᠰᠤ᠂ ᠢᠳᠡᠰᠢᠨ ᠨᠣᠭᠤᠭ᠎ᠠ ᠵᠡᠷᠭᠡ ᠠᠮᠢᠳᠤᠷᠠᠯ ᠤᠨ | ᠴᠢᠬᠤᠯᠠ ᠬᠡᠷᠡᠭᠯᠡᠭᠡᠨ ᠤ ᠵᠦᠢᠯ ᠤᠨ ᠪᠣᠷᠣᠯᠠᠭᠤᠯᠭ᠎ᠠ᠂ ᠦᠨ᠎ᠡ ᠬᠠᠩᠰᠢ᠂ ᠶᠠᠰᠤ ᠴᠢᠨᠠᠷ ᠵᠢᠴᠢ ᠬᠠᠩᠭᠠᠯᠭ᠎ᠠ ᠶᠢᠨ | ᠪᠠᠲᠤᠯᠠᠭ᠎ᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠢᠳᠡᠭᠡᠨ ᠤ ᠵᠦᠢᠯ ᠤᠨ ᠡᠵᠡᠩᠨᠡᠯᠲᠡ ᠶᠢᠨ ᠠᠵᠤ ᠠᠬᠤᠶᠢᠯᠠᠯ ᠤᠳ | ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠠᠶᠤᠯᠭᠦᠶ ᠦᠢᠯᠡᠳᠪᠦᠷᠢᠯᠡᠯ ᠤᠨ ᠥᠪᠡᠷ ᠤᠨ | ᠪᠠᠶᠢᠴᠠᠭᠠᠯᠲᠠ ᠶᠢ ᠪᠠᠶᠢᠩᠭᠤ ᠶᠢᠨ ᠴᠢᠨᠠᠷᠲᠠᠶ ᠪᠠᠷ ᠥᠷᠨᠢᠭᠦᠯᠵᠦ᠂ ᠠᠮᠤᠷ ᠲᠦᠪᠰᠢᠨ ᠤ ᠳᠠᠯᠳᠠ ᠬᠡᠮ ᠢ ᠡᠷᠡᠰ | ᠠᠷᠢᠯᠭᠠᠬᠤ ᠬᠡᠷᠡᠭᠲᠡᠶ ᠭᠡᠵᠦ ᠵᠢᠭᠠᠨ ᠭᠠᠷᠭᠠᠪᠠ᠃ | | | | | | | | ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ︽ᠬᠤᠶᠠᠷ ᠪᠠᠶᠠᠷ︾ ᠤᠨ | ᠬᠤᠭᠤᠴᠠᠭ᠎ᠠ ᠪᠣᠯ ᠢᠳᠡᠭᠡᠨ ᠤ ᠵᠦᠢᠯ ᠤᠨ ᠬᠡᠷᠡᠭᠯᠡᠭᠡ ᠪᠠ ᠬᠥᠮᠦᠰ ᠤᠨ ᠰᠢᠯᠵᠢᠯᠲᠡ ᠶᠢᠨ ᠣᠷᠭᠢᠯ ᠦᠶ᠎ᠡ ᠮᠥᠨ᠂ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠢᠳᠡᠭᠡᠨ ᠤ ᠵᠦᠢᠯ ᠤᠨ ᠠᠮᠤᠷ ᠲᠦᠪᠰᠢᠨ ᠪᠠ ᠬᠠᠩᠭᠠᠯᠭ᠎ᠠ ᠶᠢ | ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠦᠨᠡᠨ ᠬᠦ ᠰᠠᠶᠢᠲᠤᠷ ᠬᠢᠬᠦ ᠨᠢ ᠲᠦᠭ ᠲᠦᠮᠡᠨ | ᠠᠶᠢᠯ ᠡᠷᠦᠬᠡ ᠳᠤ ᠬᠤᠯᠪᠤᠭᠳᠠᠨ᠎ᠠ᠂ ᠬᠠᠷᠢᠭᠤᠴᠠᠯᠭ᠎ᠠ ᠬᠦᠨᠳᠦ ᠶᠡᠭᠡ ᠶᠤᠮ᠃ ᠬᠢᠵᠢᠭ ᠤᠨ ᠪᠠᠶᠢᠳᠠᠯ ᠢ | ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠵᠦ ᠪᠡᠶ᠎ᠡ ᠵᠢᠨᠲ᠋ᠤᠯᠠᠭᠠᠨ ᠤ ᠬᠡᠮᠵᠢᠶ᠎ᠡ ᠶᠢ ᠬᠡᠮᠵᠢᠬᠦ᠂ ᠺᠣᠳ᠋ ᠰᠢᠷᠪᠢᠬᠦ᠂ | ᠠᠮᠠᠪᠴᠢ ᠵᠡᠭᠦᠬᠦ᠂ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ ᠵᠡᠷᠭᠡ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠬᠤ ᠬᠡᠷᠡᠭᠲᠡᠶ᠃ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠤᠨ ᠡᠷᠴᠢᠮ ᠪᠣᠯᠤᠨ ᠢᠳᠡᠭᠡᠨ ᠤ ᠠᠮᠤᠷ | ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠦᠨᠡᠨᠬᠦ ᠴᠢᠩᠭᠠᠷᠠᠭᠤᠯᠵᠤ᠂ ᠢᠳᠡᠭᠡᠨ ᠤ | ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ | ᠪᠣᠯᠤᠨ ᠠᠮᠢ ᠨᠠᠰᠤᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠤᠯᠠᠨ ᠠᠷᠭ᠎ᠠ | ᠵᠠᠮ ᠢᠶᠠᠷ ᠪᠠᠷᠠᠭᠠᠨ ᠤ ᠢᠷᠡᠯᠳᠡ ᠶᠢ ᠪᠠᠲᠤᠯᠠᠵᠤ᠂ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠬᠠᠩᠭᠠᠯᠭ᠎ᠠ | ᠭᠦᠢᠴᠡᠳ ᠪᠠᠶᠢᠬᠤ ᠶᠢ ᠪᠠᠲᠤᠯᠠᠵᠤ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠲᠣᠭᠲᠠᠭᠤᠨ ᠪᠠᠶᠢᠬᠤ ᠶᠢ ᠪᠠᠲᠤᠯᠠᠵᠤ | ᠂ ᠥᠷᠭᠡᠨ ᠤᠯᠠᠨ ᠲᠦᠮᠡᠨ ᠤ ᠪᠠᠶᠠᠷ ᠤᠨ ᠡᠳᠦᠷ ᠤᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠬᠤ ᠬᠡᠷᠡᠭᠲᠡᠢ᠃ | ᠭᠤᠣᠯᠳᠠᠯᠭ᠎ᠠ ᠲᠠᠢ ᠲᠠᠯᠠᠪᠤᠷ᠂ ᠭᠤᠣᠯᠳᠠᠯᠭ᠎ᠠ ᠲᠠᠢ ᠣᠷᠣᠨ ᠪᠠᠶᠢᠷᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ | ᠴᠢᠩᠭᠠᠳᠬᠠᠵᠤ᠂ ᠠᠮᠤᠷ ᠲᠦᠪᠰᠢᠨ ᠤ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠬᠤ ᠶᠢᠨ ᠬᠠᠮᠲᠤ ᠴᠡᠭᠴᠡᠯᠡᠨ | ᠰᠠᠶᠢᠵᠢᠷᠠᠭᠤᠯᠬᠤ ᠠᠵᠢᠯ ᠢ ᠴᠠᠭ ᠲᠤᠬᠠᠢ ᠳᠤᠨᠢ ᠰᠠᠶᠢᠲᠤᠷ ᠠᠳᠬᠤᠵᠤ᠂ ᠪᠦᠬᠦ ᠰᠢᠶᠠᠨ ᠤ ᠠᠷᠠᠳ ᠤᠯᠠᠨ ᠢ ᠠᠮᠤᠷ | ᠲᠣᠭᠲᠠᠭᠤᠨ᠂ ᠥᠯᠵᠡᠢ ᠪᠡᠯᠭᠡ ᠲᠠᠢ᠂ ᠲᠠᠭᠠᠯᠠᠮᠵᠢᠲᠠᠢ᠂ ᠪᠠᠶᠠᠷ ᠪᠠᠶᠠᠰᠬᠤᠯᠠᠩ ᠲᠠᠢ ᠲᠡᠷᠭᠡᠯ ᠰᠠᠷ᠎ᠠ ᠶᠢᠨ ᠪᠠᠶᠠᠷ | ᠤᠯᠤᠰ ᠤᠨ ᠪᠠᠶᠠᠷ ᠤᠨ ᠠᠮᠠᠷᠠᠯᠲᠠ ᠶᠢ ᠥᠩᠭᠡᠷᠡᠭᠦᠯᠬᠦ ᠬᠡᠷᠡᠭᠲᠡᠢ ᠭᠡᠪᠡ᠃ |